ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠲᠦᠯᠬᠢᠨ ᠠᠬᠢᠭᠤᠯᠬᠤ 10 ᠵᠦᠢᠯ ᠤᠨ ᠠᠷᠭ᠎ᠠ ᠬᠡᠮᠵᠢᠶ᠎ᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/12/20
       ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 54 ᠳ᠋ᠦ᠋ᠭᠡᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠠᠮᠢᠶ᠎ᠠ ᠪᠦᠬᠦᠢ ᠨᠢᠭᠡᠴᠢ ᠳᠤ᠄      ︽ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ 10 ᠵᠦᠢᠯ ᠤᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃                 ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                 2023 ᠣᠨ ᠤ 12 ᠳ᠋ᠤᠭᠠᠷ ᠰᠠᠷ᠎ᠠ ᠶᠢᠨ 9 ᠤ ᠡᠳᠦᠷ                 ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶             ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ             ᠬᠥᠭᠵᠢᠯᠲᠡ ᠶᠢ ᠠᠬᠢᠭᠤᠯᠬᠤ 10 ᠵᠦᠢᠯ ᠤᠨ ᠠᠷᠭ᠎ᠠ ᠬᠡᠮᠵᠢᠶ᠎ᠡ      ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ᠂ ︽ᠰᠤᠷᠤᠯᠴᠠᠬᠤ ᠳᠤ ᠲᠣᠬᠢᠷᠠᠮᠵᠢᠲᠠᠢ︾ ᠬᠤᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠨ ᠤ ᠲᠥᠪ ᠤᠨ ᠬᠠᠮᠤᠭ ᠤᠨ ᠲᠣᠪᠣᠶᠢᠮ᠎ᠠ ᠳᠠᠪᠠᠭᠤᠯᠢᠭ ᠪᠣᠯᠭᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠣᠷᠣᠨ ᠤ ᠲᠥᠪ ᠤᠨ ᠰᠤᠷᠭᠠᠨ ᠬᠥᠮᠦᠵᠢᠯ ᠤᠨ ᠬᠠᠮᠤᠭ ᠤᠨ ᠢᠯᠡ ᠲᠣᠳᠣ ᠣᠨᠴᠠᠯᠢᠭ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠢ ᠣᠷᠣᠨ ᠤ ᠲᠥᠪ ᠤᠨ ᠣᠯᠠᠨ ᠲᠦᠮᠡᠨ ᠤ ᠬᠠᠮᠤᠭ ᠤᠨ ᠬᠠᠨᠤᠮᠵᠢᠲᠠᠶ ᠦᠢᠯᠡᠰ ᠪᠣᠯᠭᠠᠵᠤ᠂ ᠬᠡᠦᠬᠡᠳ ᠨᠢᠭᠡᠪᠦᠷᠢ ᠴᠥᠮ ᠰᠤᠷᠭᠠᠭᠤᠯᠢ ᠳᠤ ᠠᠮᠠᠷᠬᠠᠨ ᠣᠷᠣᠵᠤ᠂ ᠰᠠᠶᠢᠨ ᠰᠤᠷᠭᠠᠭᠤᠯᠢ ᠳᠤ ᠣᠷᠣᠵᠤ᠂ ᠪᠥᠬᠦ ᠣᠷᠣᠨ ᠤ ᠰᠤᠷᠭᠠᠨ ᠬᠥᠮᠦᠵᠢᠯ ᠤᠨ ᠲᠥᠪ ᠢ ᠪᠠᠶᠢᠭᠤᠯᠬᠤ ᠶᠢᠨ ᠲᠥᠯᠥᠭᠡ᠂ ᠡᠳᠦᠭᠡ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠳᠣᠣᠷᠠᠬᠢ 10 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠨᠢᠭᠡ ᠪᠦᠯᠦᠭ ︽ᠭᠡᠷ ᠤᠨ ᠡᠭᠦᠳᠡᠨ ᠳᠡᠭᠡᠷᠡᠬᠢ ᠰᠠᠶᠢᠨ ᠰᠤᠷᠭᠠᠭᠤᠯᠢ︾ ᠶᠢ ᠡᠭᠦᠳᠦᠨ ᠪᠠᠶᠢᠭᠤᠯᠤᠨ᠎ᠠ ᠃ ︽ᠳᠥᠷᠪᠡᠨ ᠨᠢᠭᠡ︾ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠨᠠᠭᠠᠲᠤ ᠵᠠᠬ᠎ᠠ ᠳᠠᠭᠠᠨ ᠲᠣᠰ ᠲᠣᠰ 1 ᠪᠠᠶᠢᠭᠤᠯᠵᠤ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠤᠨ᠎ᠠ᠃ ᠣᠷᠣᠨ ᠤ ᠳᠣᠲᠣᠨ᠎ᠠ ᠭᠠᠳᠠᠨᠠᠬᠢ ᠨᠡᠷᠡᠲᠦ ᠳᠡᠭᠡᠳᠦ ᠵᠡᠷᠭᠡ ᠶᠢᠨ ᠰᠤᠷᠭᠠᠭᠤᠯᠢ ᠶᠢᠨ ᠮᠠᠨ ᠤ ᠬᠤᠲᠠ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠪᠤᠶᠤ ᠬᠠᠷᠢᠶᠠᠲᠤ ᠰᠤᠷᠭᠠᠭᠤᠯᠢ ᠪᠠᠶᠢᠭᠤᠯᠬᠤ ᠶᠢ ᠢᠳᠡᠪᠬᠢᠲᠡᠢ ᠲᠡᠮᠡᠴᠡᠵᠦ᠂ ᠴᠢᠨᠠᠷ ᠰᠠᠶᠢᠲᠠᠢ ᠬᠠᠮᠲᠤ ᠪᠠᠷ ᠪᠠᠶᠢᠭᠤᠯᠤᠭᠰᠠᠨ ᠰᠤᠷᠭᠠᠭᠤᠯᠢ ᠶᠢ 10 ᠪᠠᠶᠢᠭᠤᠯᠤᠨ᠎ᠠ᠃ ᠰᠤᠷᠭᠠᠨ ᠬᠥᠮᠦᠵᠢᠯ ᠤᠨ ᠪᠦᠯᠦᠭᠯᠡᠯ ᠤᠨ ᠰᠤᠷᠭᠠᠭᠤᠯᠢ ᠡᠷᠭᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠢ ᠬᠥᠮᠥᠵᠢᠭᠦᠯᠬᠦ ᠶᠢ ᠴᠢᠩᠭᠠᠳᠬᠠᠨ᠂ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ ᠭᠤᠣᠯ ᠰᠤᠷᠭᠠᠭᠤᠯᠢ ᠶᠢᠨ ᠲᠣᠭᠤᠷᠢᠭ ᠲᠤ ᠬᠠᠮᠢᠶᠠᠷᠤᠯᠲᠠ ᠶᠢᠨ ᠰᠤᠷᠭᠠᠭᠤᠯᠢ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠰᠤᠷᠭᠠᠭᠤᠯᠢ ᠶᠢᠨ ᠤᠳᠤᠷᠢᠳᠬᠤ ᠪᠠᠭ ᠤᠨ ᠪᠦᠷᠢᠯᠳᠦᠭᠦᠨ ᠢ ᠵᠣᠬᠢᠬᠤ ᠬᠠᠷᠢᠴᠠᠯ ᠢᠶᠠᠷ ᠨᠡᠮᠡᠨ᠎ᠡ᠃ ᠵᠢᠯ ᠪᠦᠷᠢ 3000 ᠲᠦᠮᠡᠨ ᠲᠥᠭᠦᠷᠢᠭ ᠤᠨ ᠲᠤᠰᠬᠠᠢ ᠵᠦᠢᠯ ᠤᠨ ᠵᠠᠷᠤᠳᠠᠯ ᠤᠨ ᠮᠥᠩᠭᠦ ᠲᠣᠬᠢᠷᠠᠭᠤᠯᠵᠤ᠂ ︽ᠳᠥᠷᠪᠡᠨ ᠨᠢᠭᠡ︾ ᠶᠢᠨ ᠢᠨᠵᠧᠨᠧᠷᠢᠩ ᠪᠠ ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠵᠦ ᠰᠢᠯᠢᠳᠡᠭ ᠢ ᠡᠭᠦᠳᠦᠭᠰᠡᠨ ᠦᠷ᠎ᠡ ᠪᠦᠲᠦᠮᠵᠢ ᠶᠢ ᠦᠨᠳᠦᠰᠦᠯᠡᠨ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ᠬᠤᠶᠠᠷ᠂ ᠨᠢᠭᠡ ᠪᠦᠯᠦᠭ ᠴᠢᠨᠠᠷ ᠰᠠᠶᠢᠲᠠᠢ ᠵᠢᠱᠢᠶ᠎ᠡ ᠦᠵᠡᠭᠦᠯᠬᠦ ᠣᠨᠴᠠᠯᠢᠭ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠡᠭᠦᠳᠦᠨ ᠪᠠᠶᠢᠭᠤᠯᠤᠨ᠎ᠠ᠃ 2025 ᠣᠨ ᠪᠣᠯᠬᠤ ᠳᠤ᠂ ᠪᠥᠬᠦ ᠬᠤᠲᠠ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 15 ᠡᠭᠦᠳᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠣᠯᠭᠠᠨ ᠡᠭᠦᠳᠦᠨ ᠪᠠᠶᠢᠭᠤᠯᠤᠭᠰᠠᠨ ᠢ 300 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠮᠥᠨ ᠨᠡᠶᠢᠭᠡᠮ ᠤᠨ ᠰᠢᠨᠵᠢᠯᠡᠬᠦ ᠤᠬᠠᠭᠠᠨ ᠂ ᠪᠡᠶ᠎ᠡ ᠶᠢᠨ ᠲᠠᠮᠢᠷ ᠤᠷᠠᠯᠢᠭ ᠤᠨ ᠠᠪᠢᠶᠠᠰ ᠵᠡᠷᠭᠡ ᠬᠦᠷᠢᠶᠡᠨ ᠳᠤ 5 ᠥᠪᠡᠷᠮᠢᠴᠡ ᠣᠨᠴᠠᠯᠢᠭ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠡᠭᠦᠳᠦᠨ ᠪᠠᠶᠢᠭᠤᠯᠵᠤ᠂ ︽ᠥᠪᠡᠷᠮᠢᠴᠡ ᠣᠨᠴᠠᠯᠢᠭ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠣᠯᠭᠠᠨ ᠡᠭᠦᠳᠦᠨ ᠪᠠᠶᠢᠭᠤᠯᠤᠭᠰᠠᠨ ᠢ 200 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠶᠠᠨ ᠤ ᠬᠡᠪᠴᠢᠶᠡᠨ ᠤ ᠴᠢᠨᠠᠷ ᠰᠠᠶᠢᠲᠠᠢ 9 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠬᠠᠨ ᠡᠷᠭᠢᠯᠡᠵᠦ᠂ ︽ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠣᠯᠭᠠᠨ ᠡᠭᠦᠳᠦᠨ ᠪᠠᠶᠢᠭᠤᠯᠤᠭᠰᠠᠨ ᠢ 100 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ᠭᠤᠷᠪᠠ᠂ ᠨᠢᠭᠡ ᠪᠦᠯᠦᠭ ᠣᠶᠤᠨᠴᠢ ᠰᠤᠷᠭᠠᠨ ᠬᠥᠮᠦᠵᠢᠯ ᠤᠨ ︽ᠲᠣᠭᠠᠴᠢᠯᠠᠬᠤ︾ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ 2024 ᠣᠨ ᠤ ᠵᠢᠯ ᠤᠨ ᠡᠴᠦᠰ ᠠᠴᠠ ᠡᠮᠦᠨ᠎ᠡ᠂ ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠪᠦᠲᠦᠭᠡᠨ ᠪᠠᠶᠢᠭᠤᠯᠤᠯᠲᠠ ᠶᠢ ᠴᠥᠮ ᠪᠠᠷᠢᠮᠵᠢᠶ᠎ᠠ ᠳᠤ ᠬᠦᠷᠭᠡᠵᠦ᠂ ︽ᠠᠳᠠᠯᠢ ᠳᠠᠪᠲᠠᠮᠵᠢ ᠪᠠᠷ ᠦᠢᠯᠡᠳᠦᠯᠴᠡᠬᠦ︾ ᠵᠢᠱᠢᠶ᠎ᠡ ᠦᠵᠡᠭᠦᠯᠬᠦ ᠬᠢᠴᠢᠶᠡᠯ ᠤᠨ ᠲᠠᠩᠬᠢᠮ ᠢ ︽ᠪᠦᠬᠦᠨ ᠢ ᠨᠡᠭᠡᠭᠡᠬᠦ︾ ᠶᠢ ᠪᠡᠶᠡᠯᠡᠭᠦᠯᠦᠨ᠎ᠡ᠃ ᠪᠥᠬᠦ ᠤᠯᠤᠰ ᠤᠨ ᠭᠤᠷᠪᠠᠳᠤᠭᠠᠷ ᠪᠦᠯᠦᠭ ᠤᠨ ᠣᠶᠤᠨᠴᠢ ᠰᠤᠳᠤᠯᠵᠤ ᠰᠤᠷᠤᠯᠴᠠᠬᠤ ᠲᠠᠪᠴᠠᠩ ᠤᠨ ᠬᠡᠷᠡᠭᠯᠡᠭᠡᠨ ᠤ ᠲᠤᠷᠰᠢᠯᠲᠠ ᠶᠢᠨ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ︽ᠬᠢᠴᠢᠶᠡᠯ ᠪᠡᠯᠡᠳᠬᠡᠬᠦ᠂ ᠵᠢᠭᠠᠬᠤ᠂ ᠰᠣᠨᠣᠰᠬᠤ᠂ ᠦᠨᠡᠯᠡᠬᠦ︾ ᠶᠢ ᠨᠢᠭᠡ ᠴᠣᠭᠴᠠᠵᠢᠭᠤᠯᠤᠭᠰᠠᠨ ᠣᠶᠤᠨᠴᠢ ᠵᠢᠭᠠᠨ ᠰᠤᠳᠤᠯᠬᠤ ᠡᠭᠦᠯᠡᠨ ᠲᠠᠪᠴᠠᠩ ᠢ ᠠᠰᠢᠭᠯᠠᠨ᠂ ᠬᠤᠲᠠ᠂ ᠲᠣᠭᠤᠷᠢᠭ ᠂ ᠰᠤᠷᠭᠠᠭᠤᠯᠢ ᠶᠢᠨ ᠠᠳᠠᠯᠢ ᠠᠯᠬᠤᠮ ᠢᠶᠠᠷ ᠵᠢᠭᠠᠨ ᠰᠤᠳᠤᠯᠬᠤ ᠶᠢ ᠲᠦᠯᠬᠢᠨ ᠠᠬᠢᠭᠤᠯᠤᠨ᠎ᠠ᠃ 9 ︽ᠢᠷᠡᠭᠡᠳᠦᠢ ᠶᠢᠨ ᠰᠤᠷᠭᠠᠨ ᠬᠥᠮᠦᠵᠢᠯ︾ ᠤᠨ ᠲᠤᠷᠰᠢᠯᠲᠠ ᠶᠢᠨ ᠰᠤᠷᠭᠠᠭᠤᠯᠢ ᠶᠢ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠤ᠂ ︽ᠣᠶᠤᠨᠴᠢ ᠰᠤᠷᠭᠠᠨ ᠬᠥᠮᠦᠵᠢᠯ︾ ᠤᠨ ᠲᠠᠪᠴᠠᠩ ᠢ ᠰᠢᠯᠢᠳᠡᠭᠵᠢᠭᠦᠯᠦᠨ᠂ ︽AI ᠰᠤᠷᠭᠠᠨ ᠬᠥᠮᠦᠵᠢᠯ ᠤᠨ ᠲᠣᠮᠣ ᠳ᠋ᠠᠶᠢᠲ᠋ᠠ ᠶᠢᠨ ᠲᠥᠪ︾ ᠢ ᠲᠡᠭᠦᠯᠳᠡᠷᠵᠢᠭᠦᠯᠵᠦ᠂ ᠰᠤᠷᠤᠭᠴᠢᠳ ᠲᠤ ᠪᠣᠳᠠᠭᠠᠯᠢᠴᠢᠯᠠᠭᠰᠠᠨ ᠰᠤᠷᠤᠯᠴᠠᠯᠭ᠎ᠠ ᠶᠢᠨ ᠡᠬᠢ ᠪᠠᠶᠠᠯᠢᠭ ᠢ ᠬᠠᠩᠭᠠᠨ᠂ ᠲᠤᠭ᠎ᠠ ᠪᠠᠷᠢᠮᠲᠠ ᠪᠠ ᠮᠡᠳᠡᠭᠡ ᠵᠠᠩᠭᠢ ᠪᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ᠳᠥᠷᠪᠡ᠂ ᠨᠢᠭᠡ ᠪᠦᠯᠦᠭ ︽ᠣᠨᠴᠠ ᠰᠢᠯᠢᠳᠡᠭ ᠳᠤᠮᠳᠠᠳᠤ ᠰᠤᠷᠭᠠᠭᠤᠯᠢ ᠶᠢᠨ ᠰᠤᠷᠤᠭᠴᠢ︾ ᠢ ᠬᠥᠮᠥᠵᠢᠭᠦᠯᠦᠨ᠎ᠡ᠃ ᠬᠤᠲᠠ᠂ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ ᠰᠣᠷᠣᠭᠴᠢ ᠡᠯᠰᠡᠬᠦ ᠬᠡᠪᠴᠢᠶ᠎ᠡ ᠪᠠᠨ ᠦᠨᠳᠦᠰᠦᠯᠡᠨ ᠥᠪᠡᠷ ᠲᠤᠨᠢ ᠬᠠᠷᠢᠶᠠᠯᠠᠭᠳᠠᠬᠤ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ ᠲᠥᠷᠥᠯ᠂ ᠰᠢᠨᠵᠢᠯᠡᠭᠡᠨ ᠤ ᠲᠥᠷᠥᠯ ᠤᠨ ᠣᠨᠴᠠᠯᠢᠭᠲᠤ ᠰᠤᠷᠭᠠᠭᠤᠯᠢ ᠪᠦᠷᠢ ᠳᠤ 50 ᠲᠦᠮᠡᠨ ᠲᠥᠭᠦᠷᠢᠭ ᠠᠴᠠ ᠳᠣᠣᠷ᠎ᠠ ᠦᠭᠡᠢ ᠲᠤᠰᠬᠠᠢ ᠵᠦᠢᠯ ᠤᠨ ᠳᠡᠮᠵᠢᠯᠭᠡ ᠶᠢᠨ ᠵᠠᠷᠤᠳᠠᠯ ᠭᠠᠷᠭᠠᠨ᠎ᠠ᠃ ᠰᠢᠯᠢᠳᠡᠭ ᠲᠠᠮᠢᠷᠴᠢᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠳᠠᠪᠠᠭᠤᠯᠢᠭ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠱᠠᠲᠤᠯᠠᠭᠰᠠᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠂ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠪᠠ ᠭᠠᠳᠠᠭᠰᠢ ᠭᠠᠷᠭᠠᠨ᠎ᠠ᠃ ᠪᠡᠶ᠎ᠡ ᠶᠢᠨ ᠲᠠᠮᠢᠷ᠂ ᠤᠷᠠᠯᠢᠭ ᠤᠨ ᠲᠥᠷᠥᠯ ᠤᠨ ᠳᠡᠭᠡᠳᠦ ᠵᠡᠷᠭᠡ ᠶᠢᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠮᠠᠨ ᠤ ᠬᠤᠲᠠ ᠲᠠᠢ ᠬᠠᠮᠲᠤᠷᠠᠨ ᠰᠤᠷᠭᠠᠭᠤᠯᠢ ᠡᠷᠭᠢᠯᠡᠵᠦ᠂ ᠪᠡᠶ᠎ᠡ ᠶᠢᠨ ᠲᠠᠮᠢᠷ᠂ ᠤᠷᠠᠯᠢᠭ ᠤᠨ ᠲᠥᠷᠥᠯ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠲᠣᠭᠲᠠᠴᠠ ᠶᠢ ᠬᠠᠶᠢᠨ ᠰᠦᠪᠡᠭᠴᠢᠯᠡᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ᠴᠢᠳᠠᠪᠤᠷᠢᠲᠠᠨ ᠤ ᠲᠥᠯᠥᠪᠯᠡᠭᠡ︾ ᠶᠢᠨ ᠰᠤᠷᠤᠬᠴᠢ ᠡᠯᠰᠡᠬᠦ ᠬᠡᠪᠴᠢᠶ᠎ᠡ ᠶᠢ ᠥᠷᠭᠡᠳᠬᠡᠵᠦ᠂ ᠨᠢᠭᠡ ᠪᠦᠯᠦᠭ ᠬᠢᠴᠢᠶᠡᠯ ᠲᠥᠷᠥᠯ ᠳᠡᠭᠡᠨ ᠠᠪᠢᠶᠠᠰ ᠲᠠᠢ᠂ ᠰᠢᠨ᠎ᠡ ᠶᠢ ᠡᠭᠦᠳᠬᠦ ᠲᠠᠯᠳᠠ ᠴᠢᠳᠠᠪᠤᠷᠢ ᠲᠠᠢ ᠰᠢᠯᠢᠳᠡᠭ ᠳᠤᠮᠳᠠᠳᠤ ᠰᠤᠷᠭᠠᠭᠤᠯᠢ ᠶᠢᠨ ᠰᠤᠷᠤᠬᠴᠢ ᠶᠢ ᠢᠯᠡᠷᠡᠭᠦᠯᠬᠦ ᠪᠠ ᠬᠥᠮᠥᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶      ᠲᠠᠪᠤ᠂ ᠨᠢᠭᠡ ᠪᠦᠯᠦᠭ ᠳᠡᠭᠡᠳᠦ ᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠨ᠎ᠠ᠃ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠵᠡᠷᠭᠡ C9 ᠬᠤᠯᠪᠣᠭᠠᠨ ᠤ ᠶᠡᠭᠡ ᠰᠤᠷᠭᠠᠭᠤᠯᠢ ᠲᠡᠭᠦᠰᠦᠭᠰᠡᠳ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠤᠨ ᠭᠡᠷ ᠡᠷᠦᠬᠡ ᠲᠥᠪᠬᠢᠨᠡᠭᠦᠯᠬᠦ ᠲᠡᠳᠬᠦᠮᠵᠢ ᠣᠯᠭᠤᠨ᠎ᠠ᠃ ︽ᠬᠤᠣᠰ ᠲᠡᠷᠢᠭᠦᠨ ᠤ︾ ᠪᠦᠲᠦᠭᠡᠨ ᠪᠠᠶᠢᠭᠤᠯᠤᠯᠲᠠ ᠶᠢᠨ ᠳᠡᠭᠡᠳᠦ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠳ᠋ᠣᠺᠲ᠋ᠣᠷᠠᠨᠲ ᠢ ᠣᠷᠣᠭᠤᠯᠤᠨ ᠠᠪᠴᠢᠷᠠᠵᠤ᠂ 30 ᠲᠦᠮᠡᠨ ᠲᠥᠭᠦᠷᠢᠭ ᠤᠨ ᠭᠡᠷ ᠡᠷᠦᠬᠡ ᠲᠥᠪᠬᠢᠨᠡᠭᠦᠯᠬᠦ ᠲᠡᠳᠬᠦᠮᠵᠢ ᠣᠯᠭᠤᠨ᠎ᠠ᠃ ︽ᠬᠤᠣᠰ ᠲᠡᠷᠢᠭᠦᠨ ᠤ︾ ᠪᠦᠲᠦᠭᠡᠨ ᠪᠠᠶᠢᠭᠤᠯᠤᠯᠲᠠ ᠶᠢᠨ ᠶᠡᠭᠡ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠠ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠰᠦᠢᠳᠬᠡᠯ ᠤᠨ ᠪᠠᠭᠰᠢ ᠶᠢᠨ ᠰᠤᠷᠭᠠᠭᠤᠯᠢ ᠲᠡᠭᠦᠰᠦᠭᠰᠡᠳ ᠢ ᠣᠷᠣᠭᠤᠯᠤᠨ ᠠᠪᠴᠢᠷᠠᠵᠤ᠂ 20 ᠲᠦᠮᠡᠨ ᠲᠥᠭᠦᠷᠢᠭ ᠤᠨ ᠭᠡᠷ ᠡᠷᠦᠬᠡ ᠲᠥᠪᠬᠢᠨᠡᠭᠦᠯᠬᠦ ᠲᠡᠳᠬᠦᠮᠵᠢ ᠣᠯᠭᠤᠨ᠎ᠠ᠃ ︽ᠬᠥᠬᠡᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠦᠷ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠳᠤ ᠨᠡᠶᠢᠴᠡᠬᠦ ᠪᠤᠰᠤᠳ ᠴᠢᠳᠠᠪᠤᠷᠢᠲᠠᠨ ᠢ ᠣᠷᠣᠭᠤᠯᠤᠨ ᠠᠪᠴᠢᠷᠠᠵᠤ 10 ᠲᠦᠮᠡᠨ ᠲᠥᠭᠦᠷᠢᠭ ᠤᠨ ᠭᠡᠷ ᠡᠷᠦᠬᠡ ᠲᠥᠪᠬᠢᠨᠡᠭᠦᠯᠬᠦ ᠲᠡᠳᠬᠦᠮᠵᠢ ᠣᠯᠭᠤᠨ᠎ᠠ᠃ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠳᠤ ᠲᠥᠬᠦᠮ ᠨᠥᠬᠦᠴᠡᠯ ᠬᠠᠩᠭᠠᠵᠤ᠂ ᠭᠡᠷ ᠪᠦᠯᠢ ᠶᠢᠨ ᠬᠢᠨ ᠳᠠᠭᠠᠵᠤ ᠰᠢᠯᠵᠢᠵᠦ ᠢᠷᠡᠬᠦ ᠪᠠᠷ ᠭᠤᠶᠤᠴᠢᠯᠠᠪᠠᠯ᠂ ᠵᠣᠬᠢᠶᠠᠨ ᠪᠠᠶᠢᠭᠤᠯᠬᠤ᠂ ᠣᠷᠣᠨ ᠲᠤᠭ᠎ᠠ ᠪᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠳᠠᠭᠠᠵᠤ ᠰᠢᠯᠵᠢᠬᠦ ᠭᠠᠷᠳᠠᠮ ᠢ ᠢᠳᠡᠪᠬᠢᠲᠡᠢ ᠵᠣᠬᠢᠴᠠᠭᠤᠯᠤᠨ ᠭᠦᠢᠴᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ᠵᠢᠷᠭᠤᠭ᠎ᠠ᠂ ᠨᠢᠭᠡ ᠪᠦᠯᠦᠭ ᠥᠷᠢᠰᠦᠯᠳᠦᠬᠦ ᠬᠦᠴᠦᠨ ᠶᠡᠬᠡᠲᠡᠢ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠲᠥᠷᠥᠯ ᠵᠦᠢᠯ ᠢ ᠬᠥᠮᠥᠵᠢᠭᠦᠯᠦᠨ᠎ᠡ᠃ ᠦᠨᠳᠦᠰᠦᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠬᠥᠮᠥᠵᠢᠭᠦᠯᠬᠦ ᠬᠥᠬᠢᠭᠦᠯᠦᠨ ᠱᠠᠩᠨᠠᠬᠤ ᠶᠢ ᠴᠢᠩᠭᠠᠳᠬᠠᠨ᠎ᠠ᠃ ᠬᠤᠲᠠ ᠶᠢᠨ ᠱᠠᠲᠤᠨ ᠳᠤ ᠬᠤᠶᠠᠷ ᠵᠢᠯ ᠪᠦᠷᠢ ᠨᠢᠭᠡ ᠤᠳᠠᠭ᠎ᠠ ᠦᠨᠳᠦᠰᠦᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠱᠠᠩᠨᠠᠯ ᠤᠨ ᠰᠢᠯᠭᠠᠷᠠᠭᠤᠯᠤᠯᠲᠠ ᠬᠢᠵᠦ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠳᠤ ᠲᠣᠰ ᠲᠣᠰ 10 ᠲᠦᠮᠡᠨ ᠲᠥᠭᠦᠷᠢᠭ᠂ 5 ᠲᠦᠮᠡᠨ ᠲᠥᠭᠦᠷᠢᠭ᠂ 3 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠱᠠᠩᠨᠠᠯ ᠣᠯᠭᠤᠨ᠎ᠠ ᠃ ᠥᠪᠡᠷᠲᠡᠭᠡᠨ ᠵᠠᠰᠠᠬᠤ ᠣᠷᠣᠨ ᠤ ᠦᠨᠳᠦᠰᠦᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠢ ᠭᠥᠷᠳᠡᠪᠡᠯ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠱᠠᠩᠨᠠᠯ ᠣᠯᠭᠤᠨ᠎ᠠ᠃ ᠤᠯᠤᠰ ᠤᠨ ᠲᠠᠰ ᠤᠨ ᠦᠨᠳᠦᠰᠦᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠣᠨᠴᠠ ᠲᠠᠰ ᠤᠨ ᠱᠠᠩᠨᠠᠯ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡᠯ ᠲᠣᠰ ᠲᠣᠰ 100 ᠲᠦᠮᠡᠨ ᠲᠥᠭᠦᠷᠢᠭ᠂ 80 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ᠲᠤᠯᠤᠭ᠎ᠠ᠂ ᠨᠢᠭᠡ ᠥᠨᠳᠥᠷ ᠬᠢᠷᠢ ᠲᠦᠪᠰᠢᠨ ᠲᠠᠢ ᠲᠤᠰᠬᠠᠶᠢᠵᠢᠭᠰᠠᠨ ᠰᠢᠨ᠎ᠡ ᠶᠢ ᠡᠭᠦᠳᠬᠦ ᠬᠡᠯᠪᠡᠷᠢ ᠶᠢᠨ ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠶᠢᠨ ᠡᠩᠨᠡᠭᠡ ᠶᠢ ᠪᠠᠶᠢᠭᠤᠯᠤᠨ᠎ᠠ᠃ ᠰᠤᠷᠭᠠᠭᠤᠯᠢ ︵ᠬᠦᠷᠢᠶᠡᠯᠡᠩ︶ ᠶᠢᠨ ᠵᠠᠬᠢᠷᠤᠯ ᠤᠨ ᠰᠤᠷᠭᠠᠨ ᠬᠥᠮᠦᠵᠢᠯ ᠤᠨ ᠣᠨᠣᠯᠵᠢᠬᠤᠨ ᠢ ᠪᠣᠯᠪᠠᠰᠤᠷᠠᠭᠤᠯᠬᠤ᠂ ᠰᠤᠷᠭᠠᠨ ᠬᠥᠮᠦᠵᠢᠯ ᠤᠨ ᠦᠵᠡᠯ ᠰᠠᠨᠠᠭ᠎ᠠ ᠶᠢ ᠭᠠᠷᠭᠠᠬᠤ᠂ ᠰᠤᠷᠭᠠᠨ ᠬᠥᠮᠦᠵᠢᠯ ᠤᠨ ᠲᠤᠰᠬᠠᠢ ᠵᠣᠬᠢᠶᠠᠯ ᠪᠦᠲᠦᠭᠡᠯ ᠢ ᠬᠡᠪᠯᠡᠭᠦᠯᠬᠦ ᠶᠢ ᠵᠣᠷᠢᠭᠵᠢᠭᠤᠯᠤᠨ᠎ᠠ᠃ ︽ᠨᠠᠷᠠᠲᠤ ᠰᠤᠷᠭᠠᠭᠤᠯᠢ ᠶᠢᠨ ᠵᠠᠬᠢᠷᠤᠯ +︾ ᠢᠨᠵᠧᠨᠧᠷᠢᠩ ᠢ ᠲᠦᠯᠬᠢᠨ ᠠᠬᠢᠭᠤᠯᠵᠤ᠂ 25 ︽ᠨᠠᠷᠠᠲᠤ ᠰᠤᠷᠭᠠᠭᠤᠯᠢ ︵ᠬᠦᠷᠢᠶᠡᠯᠡᠩ︶ ᠶᠢᠨ ᠵᠠᠬᠢᠷᠤᠯ︾ ᠶᠢᠨ ᠰᠤᠳᠤᠯᠤᠨ ᠰᠤᠷᠤᠯᠴᠠᠬᠤ ᠬᠠᠮᠲᠤ ᠶᠢᠨ ᠴᠣᠭᠴᠠ ᠶᠢ ᠪᠠᠶᠢᠭᠤᠯᠵᠤ᠂ ᠨᠢᠭᠡ ᠪᠣᠯᠪᠠᠰᠤᠷᠠᠩᠭᠤᠢ ᠪᠣᠯᠪᠠᠯ ᠨᠢᠭᠡ ᠫᠠᠶᠢᠰᠠ ᠡᠯᠭᠦᠨ᠎ᠡ᠃ ︽ᠨᠠᠷᠠᠲᠤ ᠪᠠᠭᠰᠢ +︾ ᠢᠨᠵᠧᠨᠧᠷᠢᠩ ᠢ ᠠᠬᠢᠭᠤᠯᠵᠤ᠂ ︽ᠨᠠᠷᠠᠲᠤ ᠪᠠᠭᠰᠢ +︾ ᠰᠤᠳᠤᠯᠤᠨ ᠰᠤᠷᠤᠯᠴᠠᠬᠤ ᠬᠠᠮᠲᠤ ᠶᠢᠨ ᠴᠣᠭᠴᠠ ᠶᠢ 300 ᠪᠠᠶᠢᠭᠤᠯᠵᠤ᠂ ᠨᠠᠷᠠᠲᠤ ᠪᠠᠭᠰᠢ ᠶᠢᠨ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠᠷ ᠪᠠᠭᠰᠢ ᠶᠢᠨ ᠪᠣᠯᠪᠠᠰᠤᠷᠠᠭᠤᠯᠤᠯ᠂ ᠬᠢᠴᠢᠶᠡᠯ ᠤᠨ ᠥᠭᠡᠷᠡᠴᠢᠯᠡᠯᠲᠡ ᠪᠠ ᠵᠢᠭᠠᠨ ᠰᠤᠷᠭᠠᠯᠲᠠ ᠶᠢᠨ ᠰᠤᠳᠤᠯᠭᠠᠨ ᠵᠡᠷᠭᠡ ᠶᠢ ᠳᠠᠶᠢᠴᠢᠯᠠᠨ᠎ᠠ᠃ ᠵᠢᠭᠠᠨ ᠰᠤᠳᠤᠯᠤᠭᠴᠢ ᠶᠢᠨ ᠪᠥᠬᠦ ᠠᠵᠢᠯᠲᠠᠨ ᠤ ᠲᠤᠰᠬᠠᠢ ᠮᠡᠷᠭᠡᠵᠢᠯ ᠤᠨ ᠰᠤᠳᠤᠯᠤᠨ ᠰᠤᠷᠤᠯᠴᠠᠬᠤ ᠳᠦᠷᠢᠮ ᠢ ᠪᠠᠶᠢᠭᠤᠯᠵᠤ᠂ ︽ᠤᠷᠢᠵᠤ ᠠᠪᠴᠢᠷᠠᠬᠤ︾ ︽ᠭᠠᠳᠠᠭᠰᠢ ᠭᠠᠷᠭᠠᠬᠤ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠭᠠᠨ ᠰᠤᠳᠤᠯᠤᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠥᠬᠦ ᠤᠯᠤᠰ ᠤᠨ ᠲᠡᠷᠢᠭᠦᠨ ᠲᠠᠰ ᠤᠨ ᠨᠡᠷ᠎ᠡ ᠬᠦᠨᠳᠦ ᠲᠠᠢ ᠰᠡᠳᠦᠪ ᠭᠠᠷᠭᠠᠬᠤ ᠲᠤᠰᠬᠠᠢ ᠮᠡᠷᠭᠡᠵᠢᠯᠲᠡᠨ ᠪᠤᠶᠤ ᠬᠢᠴᠢᠶᠡᠯ ᠲᠥᠷᠥᠯ ᠳᠡᠭᠡᠨ ᠨᠥᠯᠥᠭᠡᠯᠡᠬᠦ ᠬᠦᠴᠦᠨ ᠲᠠᠢ ᠨᠢᠭᠡᠳᠦᠭᠡᠷ ᠹᠷᠣᠨᠲ ᠤᠨ ᠨᠠᠷᠠᠲᠤ ᠪᠠᠭᠰᠢ ᠶᠢ ᠤᠷᠢᠵᠤ᠂ ᠮᠠᠨ ᠤ ᠬᠤᠲᠠ ᠶᠢᠨ ᠵᠢᠭᠠᠨ ᠰᠤᠷᠭᠠᠯᠲᠠ ᠶᠢᠨ ᠵᠢᠯᠣᠭᠤᠳᠤᠯᠭ᠎ᠠ᠂ ᠰᠡᠳᠦᠪ ᠭᠠᠷᠭᠠᠬᠤ ᠰᠤᠳᠤᠯᠭᠠᠨ᠂ ᠡᠬᠢ ᠪᠠᠶᠠᠯᠢᠭ ᠢ ᠳᠡᠪᠰᠢᠭᠦᠯᠬᠦ ᠳᠤ ᠬᠦᠴᠦᠨ ᠨᠡᠮᠡᠷᠢᠯᠡᠨ᠎ᠡ᠃ ᠮᠥᠩᠭᠦᠨ ᠨᠠᠰᠤᠨ ᠤ ᠲᠥᠯᠥᠪᠯᠡᠭᠡ ᠶᠢ ᠡᠬᠢᠯᠡᠭᠦᠯᠦᠨ᠂ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠪᠠ ᠰᠤᠷᠭᠠᠭᠤᠯᠢ ᠶᠢᠨ ᠵᠠᠬᠢᠷᠤᠯ ᠢ ᠡᠯᠰᠡᠵᠦ᠂ ᠳᠠᠭᠢᠵᠤ ᠤᠷᠢᠬᠤ᠂ ᠰᠤᠷᠭᠠᠨ ᠬᠥᠮᠦᠵᠢᠯ ᠢ ᠳᠡᠮᠵᠢᠬᠦ᠂ ᠵᠥᠪᠯᠡᠭᠴᠢ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠵᠢᠭᠠᠨ ᠰᠤᠷᠭᠠᠯᠲᠠ ᠪᠠ ᠬᠠᠮᠢᠶᠠᠷᠤᠯᠲᠠ ᠳᠤ ᠣᠷᠣᠯᠴᠠᠭᠤᠯᠵᠤ᠂ ︽ᠨᠢᠭᠡ ᠬᠥᠮᠥᠨ ᠳᠤ ᠨᠢᠭᠡ ᠠᠷᠭ᠎ᠠ ᠪᠣᠳᠣᠯᠭ᠎ᠠ ᠠᠪᠴᠤ︾ ᠪᠠᠶᠢᠭᠠᠳ ᠬᠠᠷᠠᠮᠵᠢ ᠬᠠᠷᠠᠭᠠᠯᠵᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ︶      ᠨᠠᠢᠮᠠ᠂ ᠨᠢᠭᠡ ᠪᠦᠯᠦᠭ ᠰᠤᠷᠭᠠᠨ ᠬᠥᠮᠦᠵᠢᠯ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠬᠤ ︽ᠰᠡᠳᠬᠢᠯ ᠢ ᠳᠤᠯᠠᠭᠠᠴᠠᠭᠤᠯᠬᠤ ᠠᠷᠭ᠎ᠠ ᠬᠡᠮᠵᠢᠶ᠎ᠡ︾ ᠶᠢ ᠲᠣᠭᠲᠠᠭᠠᠨ᠎ᠠ᠃ ᠪᠠᠭᠰᠢ ᠶᠢᠨ ᠢᠷᠠᠭᠤ ᠠᠯᠳᠠᠷ ᠤᠨ ᠲᠣᠭᠲᠠᠴᠠ ᠶᠢ ᠲᠡᠭᠦᠯᠳᠡᠷᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠵᠤ᠂ ᠤᠯᠠᠨ ᠶᠠᠩᠵᠤ ᠬᠡᠯᠪᠡᠷᠢ ᠶᠢᠨ ᠪᠠᠭᠰᠢ ᠶᠢ ᠬᠦᠨᠳᠦᠳᠬᠡᠬᠦ ᠠᠵᠢᠯᠯᠠᠭ᠎ᠠ ᠥᠷᠨᠢᠭᠦᠯᠵᠦ᠂ ᠵᠢᠯ ᠪᠦᠷᠢ ᠶᠢᠨ ᠪᠠᠭᠰᠢ ᠶᠢᠨ ᠪᠠᠶᠠᠷ ᠤᠨ ᠡᠳᠦᠷ ᠰᠢᠯᠢᠳᠡᠭ ᠢᠶᠠᠷ ᠦᠨᠡᠯᠡᠭᠳᠡᠭᠰᠡᠨ ᠪᠠᠭᠰᠢ ᠶᠢ ᠬᠦᠨᠳᠦ ᠪᠠᠷ ᠱᠠᠩᠨᠠᠵᠤ᠂ ᠪᠠᠭᠰᠢ ᠶᠢ ᠬᠦᠨᠳᠦᠳᠬᠡᠬᠦ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃ ᠪᠠᠭᠰᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠶᠢᠷᠠᠯᠠᠨ ᠬᠠᠯᠠᠮᠵᠢᠯᠠᠵᠤ᠂ ᠰᠡᠳᠬᠢᠴᠡ ᠶᠢᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠵᠤ᠂ ᠵᠢᠯ ᠪᠦᠷᠢ ᠨᠢᠭᠡ ᠤᠳᠠᠭ᠎ᠠ ᠪᠡᠶ᠎ᠡ ᠶᠢᠨ ᠡᠷᠡᠭᠦᠯ ᠮᠡᠨᠳᠦ ᠶᠢ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠂ ᠡᠪᠡᠳᠴᠢᠨ ᠦᠵᠡᠭᠦᠯᠬᠦ ᠳᠤ ᠰᠠᠭᠠᠳ ᠦᠭᠡᠢ ᠨᠡᠪᠲᠡᠷᠡᠬᠦ ᠵᠠᠮ ᠢ ᠵᠣᠬᠢᠴᠠᠭᠤᠯᠵᠤ᠂ ᠣᠨᠴᠠᠭᠠᠢ ᠪᠠᠶᠢᠳᠠᠯ ᠲᠣᠬᠢᠶᠠᠯᠳᠤᠪᠠᠯ ᠬᠠᠪᠰᠤᠷᠤᠨ ᠪᠡᠭᠡᠵᠢᠩ ᠵᠡᠷᠭᠡ ᠭᠠᠵᠠᠷ ᠤᠨ ᠤᠯᠤᠰ ᠤᠨ ᠳᠣᠲᠣᠭᠠᠳᠤ ᠶᠢᠨ ᠨᠠᠷᠠᠲᠠᠢ ︽ᠭᠤᠷᠪᠠᠳᠤᠭᠠᠷ ᠲᠡᠰ ᠤᠨ ᠬᠥᠬᠡ ᠵᠡᠷᠭᠡᠯᠡᠯ︾ ᠠᠴᠠ ᠳᠡᠭᠡᠭᠰᠢᠬᠢ ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ ᠡᠮᠨᠡᠭᠦᠯᠦᠨ᠎ᠡ᠃ ᠬᠦᠴᠢᠷᠳᠡᠯ ᠲᠠᠢ ᠪᠠᠭᠰᠢ᠂ ᠬᠦᠨᠳᠦ ᠡᠪᠡᠳᠴᠢᠨ ᠲᠠᠢ ᠪᠠᠭᠰᠢ ᠶᠢ ᠰᠢᠶᠠᠨ ᠤ ᠱᠠᠲᠤᠨ ᠤ ᠬᠦᠴᠢᠷᠳᠡᠯ ᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ ᠂ ᠢᠳᠡᠪᠬᠢᠲᠡᠢ ᠪᠠᠷ ᠨᠡᠶᠢᠭᠡᠮ ᠠᠴᠠ ᠲᠤᠰᠠᠯᠠᠮᠵᠢ ᠪᠠ ᠳᠡᠮᠵᠢᠯᠭᠡ ᠣᠯᠵᠤ᠂ ᠠᠮᠢᠳᠤᠷᠠᠯ ᠨᠢ ᠬᠦᠴᠢᠷᠳᠡᠯ ᠲᠠᠢ ᠪᠠᠭᠰᠢ᠂ ᠬᠦᠨᠳᠦ ᠡᠪᠡᠳᠴᠢᠨ ᠠᠴᠠ ᠪᠣᠯᠵᠤ ᠶᠠᠳᠠᠭᠤᠷᠠᠭᠰᠠᠨ ᠪᠠᠭᠰᠢ ᠶᠢ ᠬᠠᠪᠰᠤᠷᠤᠨ ᠲᠡᠳᠬᠦᠬᠦ ᠳᠤ ᠲᠤᠰᠬᠠᠢ ᠬᠡᠷᠡᠭᠯᠡᠨ᠎ᠡ᠃ ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠵᠦ᠂ ᠪᠠᠭᠰᠢ ᠨᠠᠷ ᠲᠤ ᠬᠠᠤᠯᠢ ᠴᠠᠭᠠᠵᠠ ᠶᠢᠨ ᠵᠥᠪᠯᠡᠯᠭᠡ ᠥᠭᠬᠦ᠂ ᠬᠠᠤᠯᠢᠴᠢ ᠶᠢᠨ ᠲᠤᠰᠠᠯᠠᠮᠵᠢ ᠦᠵᠡᠭᠦᠯᠬᠦ ᠵᠡᠷᠭᠡ ᠬᠠᠤᠯᠢ ᠶᠢᠨ ᠲᠤᠰᠠᠯᠠᠮᠵᠢ ᠶᠢᠨ ᠪᠠᠲᠤᠯᠠᠭ᠎ᠠ ᠬᠠᠩᠭᠠᠨ᠎ᠠ᠃ ᠪᠠᠭᠰᠢ ᠶᠢᠨ ᠣᠷᠣᠨ ᠰᠠᠭᠤᠴᠠ ᠶᠢᠨ ᠬᠦᠴᠢᠷ ᠠᠰᠠᠭᠤᠳᠠᠯ ᠢ ᠣᠯᠠᠨ ᠲᠠᠯ᠎ᠠ ᠪᠠᠷ ᠰᠢᠢᠳᠪᠦᠷᠢᠯᠡᠵᠦ᠂ ᠬᠠᠮᠢᠶ᠎ᠠ ᠪᠦᠬᠦᠢ ᠨᠥᠬᠦᠴᠡᠯ ᠳᠤ ᠨᠡᠶᠢᠴᠡᠬᠦ ᠰᠤᠷᠭᠠᠨ ᠬᠥᠮᠦᠵᠢᠯ ᠤᠨ ᠠᠵᠢᠯᠲᠠᠳ ᠲᠤ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠴᠢᠳᠠᠪᠤᠷᠢᠲᠠᠨ ᠤ ᠡᠷᠭᠢᠯᠲᠡ ᠶᠢᠨ ᠣᠷᠣᠨ ᠰᠠᠭᠤᠴᠠ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠬᠤᠪᠢᠶᠠᠬᠤ ᠵᠡᠷᠭᠡ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠷᠢᠳᠠᠪᠠᠷ ᠡᠳ᠋ᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠭᠡᠷ ᠪᠦᠯᠢ ᠶᠢᠨ ᠬᠤᠶᠠᠷ ᠭᠠᠵᠠᠷ ᠲᠤ ᠰᠠᠯᠵᠤ ᠰᠠᠭᠤᠭᠰᠠᠨ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶      ᠶᠢᠰᠦ᠂ ᠨᠢᠭᠡᠨ ᠢᠵᠢ ︽ᠣᠷᠭᠠᠨᠢᠭ ᠰᠢᠨᠡᠴᠢᠯᠡᠯᠲᠡ︾ ᠲᠠᠢ ᠡᠩᠨᠡᠭᠡᠨ ᠤ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠵᠠᠬᠢᠷᠤᠯ ᠤᠨ ᠬᠢᠨᠠᠨ ᠰᠢᠯᠭᠠᠯᠲᠠ ᠶᠢᠨ ᠠᠳᠠᠭ ᠢ ᠰᠢᠭᠰᠢᠬᠦ ᠲᠣᠭᠲᠠᠴᠠ ᠶᠢ ᠪᠠᠶᠢᠭᠤᠯᠵᠤ᠂ ᠬᠤᠶᠠᠷ ᠵᠢᠯ ᠵᠠᠯᠭᠠᠪᠠᠷ ᠰᠤᠷᠭᠠᠭᠤᠯᠢ ᠶᠢᠨ ᠬᠢᠨᠠᠨ ᠰᠢᠯᠭᠠᠯᠲᠠ ᠶᠢᠨ ᠠᠳᠠᠭ ᠲᠤ ᠣᠷᠣᠭᠰᠠᠨ ᠪᠤᠶᠤ ᠲᠤᠬᠠᠢ ᠶᠢᠨ ᠵᠢᠯ ᠳᠤ ᠲᠣᠭᠲᠠᠭᠠᠭᠰᠠᠨ ᠭᠤᠣᠯᠳᠠᠯᠭ᠎ᠠ ᠲᠠᠢ ᠰᠤᠷᠭᠠᠨ ᠬᠥᠮᠦᠵᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠵᠦ ᠳᠡᠶᠢᠯᠦᠭᠰᠡᠨ ᠦᠭᠡᠢ ᠰᠤᠷᠭᠠᠭᠤᠯᠢ ᠶᠢᠨ ᠵᠠᠬᠢᠷᠤᠯ ᠢ ᠰᠤᠷᠭᠠᠭᠤᠯᠢ ᠶᠢᠨ ᠵᠠᠬᠢᠷᠤᠯ ᠤᠨ ᠠᠵᠢᠯ ᠤᠨ ᠪᠠᠶᠢᠷᠢ ᠠᠴᠠ ᠨᠢ ᠰᠠᠯᠭᠠᠨ᠎ᠠ᠃ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠬᠦᠨᠳᠦ ᠪᠣᠯ ᠣᠯᠠᠨ ᠬᠠᠷᠠᠮᠵᠢ ᠲᠠᠢ᠂ ᠬᠢᠴᠢᠶᠡᠯ ᠬᠥᠮᠦᠵᠢᠯ ᠳᠡᠭᠡᠨ ᠰᠢᠯᠢᠳᠡᠭ ᠪᠣᠯ ᠣᠯᠠᠨ ᠬᠠᠷᠠᠮᠵᠢ ᠲᠠᠢ᠂ ᠢᠯᠡᠭᠦᠦ ᠠᠵᠢᠯᠯᠠᠪᠠᠯ ᠣᠯᠠᠨ ᠬᠠᠷᠠᠮᠵᠢ ᠲᠠᠢ ᠶᠢ ᠭᠦᠢᠴᠡᠳ ᠬᠠᠷᠠᠭᠤᠯᠵᠤ᠂ 2025 ᠣᠨ ᠪᠣᠯᠬᠤ ᠳᠤ ᠬᠤᠲᠠ᠂ ᠰᠢᠶᠠᠨ ᠬᠤᠶᠠᠷ ᠱᠠᠲᠤᠨ ᠤ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠪᠦᠬᠦᠨ ᠢ ᠦᠨᠳᠦᠰᠦᠨ ᠪᠠᠷᠢᠮᠵᠢᠶ᠎ᠠ ᠶᠢᠨ ᠱᠤᠭᠤᠮ ᠤᠨ 1.5 ᠳᠠᠬᠢᠨ ᠪᠣᠯᠭᠠᠬᠤ ᠪᠠᠷ ᠴᠢᠷᠮᠠᠶᠢᠨ᠎ᠠ᠃ ᠬᠢᠴᠢᠶᠡᠯ ᠤᠨ ᠪᠠᠭᠰᠢ ᠪᠠ ᠵᠢᠭᠠᠨ ᠰᠤᠳᠤᠯᠭᠠᠨ ᠤ ᠪᠠᠭᠰᠢ ᠶᠢᠨ ᠲᠤᠰᠢᠶᠠᠯ ᠡᠭᠦᠷᠭᠡᠯᠡᠬᠦ ︽ᠡᠷᠭᠢᠯᠳᠦᠭᠡ ᠡᠭᠦᠳᠡ︾ ᠶᠢᠨ ᠳᠦᠷᠢᠮ ᠢ ᠪᠠᠶᠢᠭᠤᠯᠵᠤ᠂ ᠬᠢᠴᠢᠶᠡᠯ ᠤᠨ ᠪᠠᠭᠰᠢ ᠪᠠ ᠵᠢᠭᠠᠨ ᠰᠤᠳᠤᠯᠭᠠᠨ ᠤ ᠪᠠᠭᠰᠢ ᠶᠢᠨ ᠠᠵᠢᠯ ᠮᠡᠷᠭᠡᠵᠢᠯ ᠤᠨ ᠰᠢᠯᠵᠢᠯᠲᠡ ᠶᠢᠨ ᠵᠠᠮ ᠢ ᠨᠠᠪᠲᠠᠷᠡᠭᠦᠯᠵᠦ᠂ ᠵᠢᠭᠠᠨ ᠰᠤᠳᠤᠯᠭᠠᠨ ᠤ ᠪᠠᠭᠰᠢ ᠶᠢᠨ ᠬᠠᠮᠢᠶ᠎ᠠ ᠪᠦᠬᠦᠢ ᠪᠠᠲᠤᠯᠠᠭ᠎ᠠ ᠶᠢ ᠬᠢᠴᠢᠶᠡᠯ ᠤᠨ ᠪᠠᠭᠰᠢ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠵᠢᠭᠠᠨ ᠰᠤᠳᠤᠯᠭᠠᠨ ᠤ ᠪᠠᠭᠰᠢ ᠶᠢᠨ ᠣᠷᠣᠨ ᠲᠤᠭ᠎ᠠ ᠶᠢᠨ ᠲᠣᠬᠢᠷᠠᠭᠤᠯᠤᠯᠲᠠ ᠶᠢ ᠨᠡᠮᠡᠭᠳᠡᠭᠦᠯᠵᠦ᠂ ᠤᠯᠤᠰ ᠤᠨ ᠬᠢᠴᠢᠶᠡᠯ ᠤᠨ ᠲᠥᠰᠥᠯ ᠤᠨ ᠶᠣᠰᠣᠭᠠᠷ ᠡᠯ᠎ᠡ ᠰᠤᠷᠤᠯᠭ᠎ᠠ ᠶᠢᠨ ᠱᠠᠲᠤᠨ ᠤ ᠪᠣᠶ ᠪᠦᠬᠦᠢ ᠬᠢᠴᠢᠶᠡᠯ ᠲᠥᠷᠥᠯ ᠳᠤ ᠲᠤᠰᠬᠠᠢ ᠲᠤᠰᠢᠶᠠᠯᠲᠤ ᠵᠢᠭᠠᠨ ᠰᠤᠳᠤᠯᠭᠠᠨ ᠤ ᠪᠠᠭᠰᠢ ᠶᠢ ᠪᠦᠷᠢᠨ ᠲᠣᠬᠢᠷᠠᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠳᠤ᠂ ᠪᠣᠶ ᠪᠦᠬᠦᠢ ᠬᠢᠴᠢᠶᠡᠯ ᠲᠥᠷᠥᠯ ᠤᠨ ᠲᠤᠰᠬᠠᠢ ᠲᠤᠰᠢᠶᠠᠯᠲᠤ ᠵᠢᠭᠠᠨ ᠰᠤᠳᠤᠯᠭᠠᠨ ᠤ ᠪᠠᠭᠰᠢ ᠶᠢ ᠠᠩᠭᠢ ᠬᠤᠪᠢᠶᠠᠨ ᠪᠦᠷᠢᠨ ᠲᠣᠬᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶      ᠠᠷᠪᠠ᠂ ᠨᠢᠭᠡ ︽ᠱᠠᠩᠨᠠᠬᠤ ᠪᠠᠷ ᠰᠢᠯᠢᠳᠡᠭ ᠢ ᠬᠥᠮᠥᠵᠢᠭᠦᠯᠬᠦ︾ ᠦᠨᠡᠯᠡᠵᠦ ᠬᠢᠨᠠᠨ ᠬᠡᠮᠵᠢᠬᠦ ᠲᠠᠪᠴᠠᠩ ᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯ ᠤᠨ ᠡᠴᠦᠰ ᠤᠨ ᠬᠠᠷᠠᠯᠲᠠᠲᠤ ᠬᠢᠨᠠᠨ ᠰᠢᠯᠭᠠᠯᠲᠠ ᠳᠤ ᠣᠷᠣᠭᠤᠯᠤᠨ᠎ᠠ᠃ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ ᠣᠷᠣᠭᠤᠯᠤᠨ ᠠᠪᠴᠢᠷᠠᠵᠤ ︽ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠪᠠ ᠦᠨᠡᠯᠡᠬᠦ ᠲᠠᠪᠴᠠᠩ︾ ᠢ ᠪᠠᠶᠢᠭᠤᠯᠤᠨ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠪᠠᠭᠲᠠᠭᠠᠭᠰᠠᠨ ᠪᠥᠬᠦ ᠬᠤᠲᠠ ᠶᠢᠨ ᠦᠨᠳᠦᠰᠦᠨ ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠷᠦᠩᠬᠡᠶᠢᠯᠡᠨ ᠬᠢᠨᠠᠨ ᠬᠡᠮᠵᠢᠨ ᠦᠨᠡᠯᠡᠵᠦ᠂ ᠦᠨᠡᠯᠡᠭᠰᠡᠨ ᠦᠷ᠎ᠡ ᠳ᠋ᠦᠩ ᠢ ᠰᠤᠷᠭᠠᠭᠤᠯᠢ ᠶᠢᠨ ᠱᠠᠩᠨᠠᠵᠤ ᠲᠣᠷᠭᠠᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠰᠤᠷᠭᠠᠭᠤᠯᠢ ᠶᠢᠨ ᠵᠠᠬᠢᠷᠤᠯ ᠢ ᠬᠢᠨᠠᠨ ᠰᠢᠯᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠬᠤᠲᠠ᠂ ᠰᠢᠶᠠᠨ ᠤ ᠬᠤᠶᠠᠷ ᠱᠠᠲᠤᠨ ᠤ ᠡᠳ᠋ ᠤᠨ ᠵᠠᠰᠠᠭ ᠠᠴᠠ ᠲᠤᠰ ᠲᠤᠰ ᠵᠢᠯ ᠪᠦᠷᠢ 2000 ᠲᠦᠮᠡᠨ ᠲᠥᠭᠦᠷᠢᠭ ᠪᠠ 500 ᠲᠦᠮᠡᠨ ᠲᠥᠭᠦᠷᠢᠭ ᠠᠴᠠ ᠳᠣᠣᠷ᠎ᠠ ᠦᠭᠡᠢ ᠲᠤᠰᠬᠠᠢ ᠪᠡᠯᠡ ᠮᠥᠩᠭᠦ ᠭᠠᠷᠭᠠᠵᠤ ᠦᠨᠡᠯᠡᠭᠰᠡᠨ ᠦᠷ᠎ᠡ ᠳ᠋ᠦᠩ ᠢᠶᠠᠷ ᠰᠢᠯᠢᠳᠡᠭ ᠰᠤᠷᠭᠠᠭᠤᠯᠢ ᠶᠢ ᠱᠠᠩᠨᠠᠨ ᠬᠥᠬᠢᠭᠦᠯᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ᠳᠠᠭᠠᠯᠳᠤᠭᠤᠯᠤᠯ᠄ ᠡᠯ᠎ᠡ ᠬᠤᠰᠢᠭᠤ ᠰᠢᠶᠠᠨ ᠲᠣᠭᠤᠷᠢᠭ ᠤᠨ ︽ᠳᠥᠷᠪᠡᠨ ᠨᠢᠭᠡ︾ ᠶᠢᠨ ᠢᠨᠵᠧᠨᠧᠷᠢᠩ ᠤᠨ ᠰᠤᠷᠭᠠᠭᠤᠯᠢ ᠶᠢᠨ ᠨᠡᠷᠡᠰᠬᠥᠰᠥᠨᠥᠭᠲᠦ᠄ ᠬᠤᠰᠢᠭᠤ ᠰᠢᠶᠠᠨ ᠲᠣᠭᠤᠷᠢᠭ   ᠬᠡᠦᠬᠡᠳ ᠤᠨ ᠴᠡᠴᠡᠷᠯᠢᠭ    ᠪᠠᠭ᠎ᠠ ᠰᠤᠷᠭᠠᠭᠤᠯᠢ   ᠠᠩᠬ᠎ᠠ ᠵᠡᠷᠭᠡ ᠶᠢᠨ ᠳᠤᠮᠳᠠᠳᠤ ᠰᠤᠷᠭᠠᠭᠤᠢ   ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢᠰᠢᠨ᠎ᠡ ᠬᠤᠳᠠ ᠲᠣᠭᠤᠷᠢᠭᠰᠢᠨ᠎ᠡ ᠬᠤᠲᠠ ᠲᠣᠭᠤᠷᠢᠭ ᠤᠨ ᠮᠣᠩᠭᠤᠯ ᠬᠡᠦᠬᠡᠳ ᠤᠨ ᠴᠡᠴᠡᠷᠯᠢᠭᠰᠢᠨ᠎ᠡ ᠬᠤᠲᠠ ᠲᠣᠭᠤᠷᠢᠭ ᠤᠨ ᠠᠷᠪᠠᠨ ᠵᠢᠷᠭᠤᠳᠤᠭᠠᠷ ᠬᠡᠦᠬᠡᠳ ᠤᠨ ᠴᠡᠴᠡᠷᠯᠢᠭᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠴᠢᠨ ᠶᠤᠸᠠᠨ ᠰᠤᠷᠭᠠᠭᠤᠯᠢ ᠶᠢᠨ ᠲᠣᠭᠤᠷᠢᠭᠰᠢᠨ᠎ᠡ ᠬᠤᠲᠠ ᠲᠣᠭᠤᠷᠢᠭ ᠤᠨ ᠬᠤ᠋ ᠬᠠ ᠵᠠᠮ ᠤᠨ ᠪᠠᠭ᠎ᠠ ᠰᠤᠷᠭᠠᠭᠤᠯᠢᠶᠢᠰᠦᠨ ᠵᠢᠯ ᠤᠨ ᠳᠦᠷᠢᠮᠲᠦ ᠰᠤᠷᠭᠠᠭᠤᠯᠢ ︵ᠪᠠᠶᠢᠭᠤᠯᠵᠤ ᠪᠠᠶᠢᠨ᠎ᠠ︶ᠬᠥᠬᠡᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢᠬᠥᠬᠡᠬᠤᠲᠠ ᠶᠢᠨ ᠭᠤᠴᠢᠨ ᠳᠥᠷᠪᠡᠳᠦᠭᠡᠷ ᠳᠤᠮᠳᠠᠳᠤ ᠰᠤᠷᠭᠠᠭᠤᠯᠢᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠴᠠᠬᠠᠷ ᠰᠤᠷᠭᠠᠭᠤᠯᠢ ᠶᠢᠨ ᠲᠣᠭᠤᠷᠢᠭᠬᠤᠲᠣᠩ ᠠᠷᠠᠳ ᠤᠨ ᠲᠣᠭᠤᠷᠢᠭᠬᠤᠲᠣᠩ ᠠᠷᠠᠳ ᠤᠨ ᠲᠣᠭᠤᠷᠢᠭ ᠤᠨ ᠲᠠᠪᠤᠳᠤᠭᠠᠷ ᠬᠡᠦᠬᠡᠳ ᠤᠨ ᠴᠡᠴᠡᠷᠯᠢᠭ ᠬᠤᠲᠣᠩ ᠠᠷᠠᠳ ᠤᠨ ᠲᠣᠭᠤᠷᠢᠭ ᠤᠨ ᠡᠮᠦᠨ᠎ᠡ ᠵᠠᠮ ᠤᠨ ᠪᠠᠭ᠎ᠠ ᠰᠤᠷᠭᠠᠭᠤᠯᠢᠬᠥᠬᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ︶ᠬᠥᠬᠡᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢᠢᠦᠢ ᠴᠢᠤᠸᠠᠨ ᠲᠣᠭᠤᠷᠢᠭᠢᠦᠢ ᠴᠢᠤᠸᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭᠢᠦᠢ ᠴᠢᠤᠸᠠᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭᠢᠦᠢ ᠴᠢᠤᠸᠠᠨ ᠲᠣᠭᠤᠷᠢᠭ ᠤᠨ ᠶᠢᠨ ᠾᠧ ᠡᠮᠦᠨ᠎ᠡ ᠵᠡᠭᠡᠯᠢ ᠶᠢᠨ ᠪᠠᠭ᠎ᠠ ᠰᠤᠷᠭᠠᠭᠤᠯᠢᠢᠦᠢ ᠴᠢᠤᠸᠠᠨ ᠲᠣᠭᠤᠷᠢᠭ ᠤᠨ ᠱᠢ ᠳ᠋ᠦᠩ ᠵᠠᠮ ᠤᠨ ᠪᠠᠭ᠎ᠠ ᠰᠤᠷᠭᠠᠭᠤᠯᠢᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢᠬᠥᠬᠡᠬᠤᠲᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢᠰᠠᠶᠢᠬᠠᠨ ᠲᠣᠭᠤᠷᠢᠭ ᠰᠠᠶᠢᠬᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠪᠠᠭ᠎ᠠ ᠰᠤᠷᠭᠠᠭᠤᠯᠢᠰᠠᠶᠢᠬᠠᠨ ᠲᠣᠭᠤᠷᠢᠭ ᠤᠨ ᠰᠢᠯᠢ ᠶᠢᠨ ᠭᠤᠣᠯ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ ᠰᠤᠷᠭᠠᠭᠤᠯᠢᠬᠥᠬᠡᠬᠤᠲᠠ ᠶᠢᠨ ᠭᠤᠴᠢᠨ ᠵᠢᠷᠭᠤᠳᠤᠭᠠᠷ ᠳᠤᠮᠳᠠᠳᠤ ᠰᠤᠷᠭᠠᠭᠤᠯᠢᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢᠬᠥᠬᠡᠬᠤᠲᠠ ᠶᠢᠨ ᠬᠤᠷᠢ ᠶᠢᠰᠦᠳᠦᠭᠡᠷ ᠳᠤᠮᠳᠠᠳᠤ ᠰᠤᠷᠭᠠᠭᠤᠯᠢᠲᠦᠮᠡᠳ ᠵᠡᠭᠦᠨ ᠬᠤᠰᠢᠭᠤᠲᠦᠮᠡᠳ ᠵᠡᠭᠦᠨ ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭᠲᠦᠮᠡᠳ ᠵᠡᠭᠦᠨ ᠬᠤᠰᠢᠭᠤᠨ ᠤ ᠵᠢᠨᠱᠠᠨ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠲᠦᠮᠡᠳ ᠵᠡᠭᠦᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢᠲᠦᠮᠡᠳ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢᠲᠣᠭᠲᠠᠬᠤ ᠰᠢᠶᠠᠨᠲᠣᠭᠲᠠᠬᠤ ᠰᠢᠶᠠᠨ ᠤ ᠦᠨᠳᠦᠰᠦᠲᠡᠨ ᠤ ᠲᠤᠷᠰᠢᠯᠲᠠ ᠶᠢᠨ ᠬᠡᠦᠬᠡᠳ ᠤᠨ ᠴᠡᠴᠡᠷᠯᠢᠭᠲᠣᠭᠲᠠᠬᠤ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢᠬᠤᠷᠢᠨᠭᠡᠷ ᠰᠢᠶᠠᠨᠬᠤᠷᠢᠨᠭᠡᠷ ᠰᠢᠶᠠᠨ ᠤ ᠬᠤᠶᠠᠳᠤᠭᠠᠷ ᠦᠨᠳᠦᠰᠦᠲᠡᠨ ᠤ ᠬᠡᠦᠬᠡᠳ ᠤᠨ ᠴᠡᠴᠡᠷᠯᠢᠭᠬᠤᠷᠢᠨᠭᠡᠷ ᠰᠢᠶᠠᠨ ᠤ ᠲᠠᠪᠤᠳᠤᠭᠠᠷ ᠪᠠᠭ᠎ᠠ ᠰᠤᠷᠭᠠᠭᠤᠯᠢᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ︵ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ︶ᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ︵ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠬᠡᠯᠲᠡᠰ︶ᠴᠢᠩ ᠱᠦᠢ ᠾᠧ ᠰᠢᠶᠠᠨᠴᠢᠩ ᠱᠦᠢ ᠾᠧ ᠰᠢᠶᠠᠨ ᠤ ᠶᠠᠩ ᠭᠤᠸᠠᠩ ᠬᠡᠦᠬᠡᠳ ᠤᠨ ᠴᠡᠴᠡᠷᠯᠢᠭᠴᠢᠩ ᠱᠦᠢ ᠾᠧ ᠰᠢᠶᠠᠨ ᠤ ᠴᠧᠩ ᠭᠤᠸᠠᠨ ᠵᠧᠨ ᠨᠢᠭᠡᠳᠦᠭᠡᠷ ᠪᠠᠭ᠎ᠠ ᠰᠤᠷᠭᠠᠭᠤᠯᠢᠴᠢᠩ ᠱᠦᠢ ᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢᠴᠢᠩ ᠱᠦᠢ ᠾᠧ ᠰᠢᠶᠠᠨ ᠤ ᠡᠩ ᠤᠨ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢᠦᠴᠦᠸᠠᠨ ᠰᠢᠶᠠᠨᠦᠴᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢᠦᠴᠦᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1