ᠴᠢᠩ ᠱᠦᠢ ᠾᠧ ᠰᠢᠶᠠᠨ 2023 ᠣᠨ ᠤ ︽ᠴᠢᠩ ᠱᠦᠢ ᠾᠧ ᠳᠤ ᠠᠵᠢᠯ ᠣᠷᠣᠵᠤ  ᠠᠶᠠᠲᠠᠶᠢᠬᠠᠨ ᠰᠠᠶᠢᠬᠠᠨ ᠠᠮᠢᠳᠤᠷᠠᠶ᠎ᠠ︾  ᠤᠨ ᠲᠤᠰᠬᠠᠢ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ ᠡᠷᠬᠢᠯᠡᠪᠡ
ᠨᠡᠶᠢᠲᠡᠯᠡᠭᠰᠡᠨ ᠴᠠᠭ᠄
2023/12/5
      ᠤᠯᠠᠨ ᠨᠡᠶᠢᠲᠡ ᠶᠢᠨ ᠠᠵᠢᠯ ᠣᠯᠭᠤᠯᠲᠠ ᠶᠢᠨ ᠪᠦᠬᠦ ᠲᠠᠯ᠎ᠠ ᠶᠢᠨ ᠦᠢᠯᠡᠴᠢᠯᠡᠭᠡ ᠶᠢ ᠲᠦᠯᠬᠢᠨ ᠠᠬᠢᠭᠤᠯᠵᠤ᠂ ᠠᠵᠢᠯ ᠡᠷᠢᠭᠰᠡᠳ ᠤᠨ ᠠᠵᠢᠯ ᠣᠯᠭᠤᠯᠲᠠ ᠶᠢᠨ ᠲᠠᠪᠴᠠᠩ ᠢ ᠥᠷᠭᠡᠳᠬᠡᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠶᠢᠨ ᠳᠤᠰᠠᠳᠠ᠂ 11 ᠳ᠋ᠦ᠋ᠭᠡᠷ ᠰᠠᠷ᠎ᠠ ᠶᠢᠨ 30 ᠤ ᠡᠳᠦᠷ᠂ ᠴᠢᠩ ᠱᠦᠢ ᠾᠧ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠠᠴᠠ ᠳᠠᠭᠠᠭᠠᠨ ᠡᠷᠭᠢᠯᠡᠭᠰᠡᠨ 2023 ᠣᠨ ᠤ ︽ᠠᠶᠠᠲᠠᠶᠢᠬᠠᠨ ᠰᠠᠶᠢᠬᠠᠨ ᠠᠮᠢᠳᠤᠷᠠᠶ᠎ᠠ︾ ᠭᠡᠬᠦ ᠲᠤᠰᠬᠠᠢ ᠠᠵᠢᠯᠲᠠᠨ ᠡᠯᠰᠡᠬᠦ ᠴᠤᠭᠯᠠᠭᠠᠨ ᠡᠳᠦᠷ ᠤᠨ ᠬᠦᠴᠦᠨ ᠤ ᠵᠠᠬ᠎ᠠ ᠳᠡᠯᠭᠡᠭᠦᠷ ᠲᠤ ᠶᠠᠪᠤᠭᠳᠠᠪᠠ᠃
     ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠠᠶ ᠳᠤ ᠬᠥᠮᠥᠨ ᠣᠯᠠᠨ ᠴᠤᠭᠯᠠᠷᠠᠵᠤ᠂ ᠠᠵᠢᠯ ᠡᠷᠢᠭᠰᠡᠳ ᠡᠯ᠎ᠡ ᠬᠥᠮᠥᠨ ᠬᠡᠷᠡᠭᠯᠡᠬᠦ ᠨᠢᠭᠡᠴᠡ ᠪᠣᠯᠣᠨ ᠠᠵᠤ ᠠᠬᠤᠶᠢᠯᠠᠯ ᠤᠨ ᠦᠵᠡᠭᠦᠯᠦᠯᠭᠡ ᠶᠢᠨ ᠲᠠᠶᠢᠰᠠᠨ ᠤ ᠡᠮᠦᠨ᠎ᠡ ᠰᠦᠯᠵᠢᠯᠳᠦᠨ᠂ ᠨᠢᠭᠡ ᠲᠠᠯ᠎ᠠ ᠪᠠᠷ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠦᠵᠡᠵᠦ᠂ ᠨᠥᠭᠦᠭᠡ ᠲᠠᠯ᠎ᠠ ᠪᠠᠷ ᠠᠵᠢᠯᠲᠠᠳ ᠠᠴᠠ ᠠᠵᠢᠯ ᠤᠨ ᠪᠠᠶᠢᠷᠢ ᠶᠢᠨ ᠠᠵᠢᠯ ᠲᠥᠷᠥᠯ᠂ ᠴᠠᠯᠢᠩ ᠬᠥᠯᠥᠰᠦ ᠣᠯᠭᠤᠮᠵᠢ᠂ ᠠᠵᠢᠯ ᠤᠨ ᠴᠠᠭ ᠤᠨ ᠬᠢᠵᠠᠭᠠᠷ ᠵᠡᠷᠭᠡ ᠮᠡᠳᠡᠭᠡ ᠵᠠᠩᠭᠢ ᠶᠢ ᠠᠰᠠᠭᠤᠨ ᠯᠠᠪᠯᠠᠵᠤ᠂ ᠠᠵᠢᠯᠲᠠᠳ ᠲᠤᠬᠠᠢ ᠶᠢᠨ ᠲᠠᠯᠠᠪᠠᠶ ᠳᠤ ᠠᠵᠢᠯ ᠣᠯᠭᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠨᠡᠶᠢᠲᠡ 15 ᠬᠥᠮᠥᠨ ᠬᠡᠷᠡᠭᠯᠡᠬᠦ ᠨᠢᠭᠡᠴᠡ ᠲᠠᠯᠠᠪᠠᠶ ᠳᠤ ᠣᠷᠣᠵᠤ ᠠᠵᠢᠯᠲᠠᠨ ᠡᠯᠰᠡᠵᠦ᠂ ᠡᠨᠧᠷᠭᠢ ᠶᠢᠨ ᠰᠤᠷᠪᠤᠯᠵᠢ ᠶᠢᠨ ᠠᠭᠤᠷᠬᠠᠢ ᠶᠢᠨ ᠦᠢᠯᠡᠰ᠂ ᠲᠡᠵᠢᠭᠡᠨ ᠦᠷᠡᠵᠢᠭᠦᠯᠬᠦ ᠮᠠᠯ ᠠᠵᠤ ᠠᠬᠤᠢ᠂ ᠢᠳᠡᠭᠡᠨ ᠪᠣᠯᠪᠠᠰᠤᠷᠠᠭᠤᠯᠬᠤ ᠵᠡᠷᠭᠡ ᠠᠵᠢᠯ ᠲᠥᠷᠥᠯ ᠢ ᠬᠠᠮᠤᠷᠴᠤ᠂ 78 ᠠᠵᠢᠯ ᠤᠨ ᠪᠠᠶᠢᠷᠢ ᠬᠠᠩᠭᠠᠵᠤ᠂ ᠰᠤᠳᠤᠯᠤᠨ ᠨᠡᠭᠡᠭᠡᠬᠦ᠂ ᠨᠢᠭᠲᠠᠯᠠᠨ ᠪᠤᠳᠤᠬᠤ᠂ ᠶᠠᠰᠤ ᠴᠢᠨᠠᠷ ᠤᠨ ᠪᠠᠶᠢᠴᠠᠭᠠᠯᠲᠠ ᠬᠢᠬᠦ᠂ ᠮᠠᠰᠢᠨ ᠰᠡᠯᠪᠢᠨ ᠵᠠᠰᠠᠬᠤ᠂ ᠡᠩ ᠤᠨ ᠠᠵᠤ ᠦᠢᠯᠡᠳᠪᠦᠷᠢ ᠵᠡᠷᠭᠡ ᠣᠯᠠᠨ ᠠᠵᠢᠯ ᠤᠨ ᠪᠠᠶᠢᠷᠢ ᠳᠤ ᠬᠤᠯᠪᠣᠭᠳᠠᠵᠠᠢ᠃ ᠲᠡᠷᠡᠴᠢᠯᠡᠨ ᠰᠦᠯᠵᠢᠶᠡᠨ ᠳᠡᠭᠡᠷ᠎ᠡ ᠰᠢᠭᠤᠳ ᠨᠠᠪᠲᠠᠷᠡᠭᠦᠯᠵᠦ ᠠᠵᠢᠯ ᠤᠨ ᠪᠠᠶᠢᠷᠢ ᠳᠠᠭᠠᠭᠤᠯᠬᠤ ᠶᠢ ᠵᠡᠷᠭᠡᠪᠡᠷ ᠥᠷᠨᠢᠭᠦᠯᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠠᠵᠢᠯ ᠡᠷᠢᠭᠰᠡᠳ ᠤᠨ ᠰᠦᠯᠵᠢᠶᠡᠨ ᠳᠡᠭᠡᠷ᠎ᠡ ᠠᠵᠢᠯ ᠡᠷᠢᠬᠦ ᠲᠣᠪᠴᠢ ᠨᠠᠮᠲᠠᠷ ᠢᠶᠠᠨ ᠬᠦᠷᠭᠡᠬᠦ ᠶᠢ ᠬᠥᠲᠥᠯᠥᠨ ᠵᠢᠯᠣᠭᠤᠳᠪᠠ᠃      ᠠᠵᠢᠯᠲᠠᠨ ᠡᠯᠰᠡᠬᠦ ᠴᠤᠭᠯᠠᠭᠠᠨ ᠤ ᠬᠤᠭᠤᠴᠠᠭᠠᠨ ᠳᠤ᠂ ᠣᠯᠠᠨ ᠲᠦᠮᠡᠨ ᠢ 370 ᠭᠠᠷᠤᠢ ᠬᠥᠮᠥᠨ ᠤᠳᠠᠭ᠎ᠠ ᠲᠡᠳᠡᠨ ᠣᠷᠣᠭᠤᠯᠵᠤ᠂ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠶᠢ 1500 ᠭᠠᠷᠤᠢ ᠬᠥᠮᠥᠨ ᠤᠳᠠᠭ᠎ᠠ ᠦᠵᠡᠵᠦ᠂ ᠡᠯ᠎ᠡ ᠲᠥᠷᠥᠯ ᠤᠨ ᠤᠬᠠᠭᠤᠯᠭ᠎ᠠ ᠶᠢᠨ ᠮᠠᠲ᠋ᠧᠷᠢᠶᠠᠯ ᠢ 300 ᠬᠤᠪᠢ ᠲᠠᠷᠬᠠᠭᠠᠵᠤ᠂ ᠲᠤᠬᠠᠢ ᠶᠢᠨ ᠲᠠᠯᠠᠪᠤᠷ ᠲᠤ 180 ᠭᠠᠷᠤᠢ ᠬᠥᠮᠥᠨ ᠤᠳᠠᠭ᠎ᠠ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ 60 ᠬᠥᠮᠥᠨ ᠤᠳᠠᠭ᠎ᠠ ᠶᠢᠨ ᠠᠵᠢᠯ ᠣᠯᠬᠤ ᠰᠠᠨᠠᠯ ᠢ ᠠᠩᠬ᠎ᠠ ᠠᠯᠬᠤᠮ ᠬᠡᠯᠡᠯᠴᠡᠨ ᠲᠣᠬᠢᠷᠠᠭᠰᠠᠨ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1