ᠲᠥᠷᠥ ᠶᠢᠨ ᠪᠣᠳᠣᠯᠭ᠎ᠠ ᠶᠢᠨ ᠲᠠᠶᠢᠯᠤᠮᠵᠢ  — ᠴᠢᠩ ᠱᠦᠢ ᠾᠧ ᠰᠢᠶᠠᠨ ︽ᠳᠥᠷᠪᠡᠨ ᠶᠡᠭᠡ ᠠᠵᠢᠯᠯᠠᠭ᠎ᠠ︾ ᠪᠠᠷ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠠᠵᠢᠯ ᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/12/7
      ᠨᠢᠭᠡ ᠳᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ᠃ ᠡᠷᠡᠭᠦᠯ ᠬᠠᠮᠠᠭᠠᠯᠠᠯ ᠤᠨ ᠤᠬᠠᠭᠤᠯᠭ᠎ᠠ ᠶᠢᠨ ᠣᠬᠤᠷ ᠹᠢᠯᠢᠮ ᠢ ᠰᠡᠭᠦᠳᠡᠷᠯᠡᠨ ᠦᠢᠯᠡᠳᠴᠦ᠂ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ 66 ᠵᠤᠷᠪᠤᠰ ᠨᠡᠪᠲᠡᠷᠡᠭᠦᠯᠬᠦ ᠵᠥᠪᠯᠡᠯᠴᠡᠭᠡᠷ ᠲᠣᠭᠲᠠᠵᠤ᠂ ᠡᠷᠡᠭᠦᠯ ᠮᠡᠨᠳᠦ ᠶᠢᠨ ᠬᠥᠮᠦᠵᠢᠯ ᠤᠨ ᠤᠬᠠᠭᠤᠯᠭ᠎ᠠ ᠶᠢᠨ ᠲᠤᠰᠬᠠᠢ ᠪᠤᠯᠤᠩ ᠭᠠᠷᠭᠠᠵᠤ᠂ ᠡᠷᠡᠭᠦᠯ ᠮᠡᠨᠳᠦ ᠶᠢᠨ ᠬᠥᠮᠦᠵᠢᠯ ᠤᠨ ᠲᠣᠣᠷ ᠰᠦᠯᠵᠢᠶ᠎ᠡ ᠶᠢᠨ ᠦᠨᠳᠦᠰᠦᠨ ᠱᠠᠲᠤᠨ ᠤ ᠪᠦᠷᠬᠦᠴᠡ ᠶᠢᠨ ᠨᠣᠷᠮ᠎ᠠ ᠶᠢ 100% ᠳᠤ ᠬᠦᠷᠦᠭᠦᠯᠵᠦ᠂ ᠤᠬᠠᠭᠤᠯᠭ᠎ᠠ ᠬᠥᠮᠦᠵᠢᠯ ᠤᠨ ᠬᠥᠮᠥᠰ ᠢ ᠪᠦᠬᠦᠨ ᠢ ᠬᠠᠮᠤᠷᠬᠤ ᠶᠢ ᠪᠡᠶᠡᠯᠡᠭᠦᠯᠦᠨ᠂ ᠣᠯᠠᠨ ᠲᠦᠮᠡᠨ ᠤ ᠡᠷᠡᠭᠦᠯ ᠮᠡᠨᠳᠦ ᠶᠢᠨ ᠦᠵᠡᠯ ᠤᠬᠠᠮᠰᠠᠷ᠂ ᠡᠷᠡᠭᠦᠯ ᠬᠠᠮᠠᠭᠠᠯᠠᠯ ᠤᠨ ᠬᠡᠪ ᠪᠣᠯᠪᠠᠰᠤᠷᠠᠯ ᠢ ᠢᠯᠡᠳᠲᠡ ᠴᠢᠩᠭᠠᠷᠠᠭᠤᠯᠪᠠ᠃      ᠬᠤᠶᠠᠷ ᠲᠤ᠂ ᠠᠮᠢ ᠠᠬᠤᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ᠃ PM10᠂ PM2.5 ᠶᠢᠨ ᠵᠢᠯ ᠳᠤᠮᠳᠠᠴᠢ ᠶᠢᠨ ᠥᠳᠬᠡᠴᠡ ᠶᠢ ᠴᠥᠮ ︽ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ︾ ᠶᠢᠨ ᠬᠤᠶᠠᠳᠤᠭᠠᠷ ᠳᠡᠰ ᠤᠨ ᠪᠠᠷᠢᠮᠵᠢᠶ᠎ᠠ ᠳᠤ ᠬᠦᠷᠦᠭᠦᠯᠵᠦ᠂ ᠰᠦᠯᠢᠶᠥᠦ ᠪᠦᠷᠬᠦᠪᠴᠢ ᠶᠢᠨ ᠪᠤᠴᠠᠭᠠᠨ ᠬᠤᠷᠢᠶᠠᠬᠤ ᠨᠣᠷᠮ᠎ᠠ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠨᠣᠷᠮ᠎ᠠ ᠶᠢ ᠴᠥᠮ 93% ᠠᠴᠠ ᠳᠡᠭᠡᠭᠰᠢ ᠳᠤ ᠬᠦᠷᠦᠭᠦᠯᠵᠦ᠂ ᠡᠯ᠎ᠡ ᠲᠥᠷᠥᠯ ᠤᠨ ᠵᠠᠮ ᠡᠵᠡᠯᠡᠨ ᠡᠵᠡᠩᠨᠡᠬᠦ᠂ ᠲᠣᠭᠲᠠᠭᠠᠯ ᠠᠴᠠ ᠵᠥᠷᠢᠴᠡᠨ ᠣᠪᠣᠭᠠᠯᠠᠬᠤ᠂ ᠳᠤᠷ᠎ᠠ ᠪᠠᠷ ᠢᠶᠠᠨ ᠵᠠᠷ ᠮᠡᠳᠡᠭᠡ ᠨᠡᠶᠢᠲᠡᠯᠡᠬᠦ ᠵᠡᠷᠭᠡ 400 ᠭᠠᠷᠤᠢ ᠭᠠᠵᠠᠷ ᠢ ᠴᠡᠭᠴᠡᠯᠡᠨ ᠰᠠᠶᠢᠵᠢᠷᠠᠭᠤᠯᠵᠤ᠂ ᠴᠡᠪᠡᠷ ᠲᠡᠭᠰᠢ᠂ ᠪᠣᠯᠪᠠᠰᠤᠨ ᠡᠮᠬᠢ ᠵᠢᠷᠤᠮ ᠲᠠᠢ ᠰᠢᠶᠠᠨ ᠤ ᠬᠡᠪᠴᠢᠶᠡᠨ ᠤ ᠣᠷᠴᠢᠨ ᠲᠣᠭᠤᠷᠢᠨ ᠢ ᠪᠣᠶ ᠪᠣᠯᠭᠠᠪᠠ᠃      ᠭᠤᠷᠪᠠ ᠳᠤ ᠢᠳᠡᠭᠡᠨ ᠤ ᠵᠦᠢᠯ ᠪᠠ ᠠᠮᠢᠳᠤᠷᠠᠯ ᠤᠨ ᠤᠤᠭᠤᠬᠤ ᠤᠰᠤᠨ ᠤ ᠠᠶᠤᠯᠭᠦᠢ ᠶᠢ ᠪᠠᠲᠤᠯᠠᠬᠤ ᠠᠵᠢᠯᠯᠠᠭ᠎ᠠ᠃ ᠪᠥᠬᠦ ᠰᠢᠶᠠᠨ ᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠳᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠬᠤ ᠶᠢ ᠬᠡᠷᠡᠭᠵᠢᠭᠦᠯᠵᠦ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠂ ᠰᠢᠶᠠᠨ᠂ ᠰᠢᠶᠠᠩ ᠬᠤᠶᠠᠷ ᠱᠠᠲᠤᠨ ᠤ ᠢᠳᠡᠭᠡᠨ ᠤᠮᠳᠠᠭᠠᠨ ᠤ ᠨᠢᠭᠡᠴᠡ ᠶᠢᠨ ᠢᠯᠡ ᠲᠣᠭᠤᠭ᠎ᠠ ᠶᠢᠨ ᠨᠣᠷᠮ᠎ᠠ ᠶᠢ 90% ᠠᠴᠠ ᠳᠡᠭᠡᠭᠰᠢ ᠳᠤ ᠬᠦᠷᠦᠭᠦᠯᠪᠡ᠃ ᠪᠦᠬᠦ ᠰᠢᠶᠠᠨ ᠤ 289 ᠭᠠᠵᠠᠷ ᠤᠨ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠤᠨ ᠤᠰᠤᠨ ᠤ ᠴᠢᠨᠠᠷ ᠢ ᠪᠦᠬᠦᠨ ᠢ ᠪᠠᠶᠢᠴᠠᠭᠠᠨ ᠬᠡᠮᠵᠢᠵᠦ᠂ ᠪᠠᠶᠢᠴᠠᠭᠠᠨ ᠬᠡᠮᠵᠢᠬᠦ ᠵᠦᠢᠯᠡᠰ ᠤᠨ ᠭᠦᠢᠴᠡᠳᠬᠡᠬᠦ ᠲᠤᠭ᠎ᠠ 33 ᠵᠦᠢᠯ ᠨᠢ ᠪᠦᠬᠦᠨ ᠢᠶᠠᠷ ᠢᠶᠠᠨ ᠬᠢᠷᠢ ᠲᠡᠩᠴᠡᠵᠦ᠂ ᠠᠷᠠᠳ ᠤᠯᠠᠨ ᠤ ᠢᠳᠡᠭᠡᠨ ᠤ ᠵᠦᠢᠯ ᠪᠠ ᠤᠤᠭᠤᠬᠤ ᠤᠰᠤᠨ ᠤ ᠠᠮᠤᠷ ᠲᠦᠪᠰᠢᠨ ᠢ ᠦᠨᠡᠨ ᠬᠦ ᠪᠠᠲᠤᠯᠠᠪᠠ᠃      ᠳᠥᠷᠪᠡ ᠳᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ᠃ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ 12 ᠪᠠᠶᠢᠭᠤᠯᠤᠮᠵᠢ ᠳᠤ ︽ᠨᠠᠷᠠᠲᠤ ᠡᠮᠴᠢ ᠶᠢᠨ ᠠᠵᠢᠯᠯᠠᠬᠤ ᠲᠠᠰᠤᠭ︾ ᠢ ᠪᠠᠶᠢᠭᠤᠯᠵᠤ᠂ 41 ᠲᠤᠰᠬᠠᠢ ᠮᠡᠷᠭᠡᠵᠢᠯᠲᠡᠨ ᠲᠣᠮᠢᠯᠠᠨ ᠦᠨᠳᠦᠰᠦᠨ ᠱᠠᠲᠤᠨ ᠳᠤ ᠪᠠᠭᠤᠬᠤ ᠡᠮ ᠡᠮᠨᠡᠯᠭᠡ ᠶᠢᠨ ᠦᠢᠯᠡᠴᠢᠯᠡᠭᠡᠨ ᠤ ᠪᠦᠯᠬᠦᠮ ᠢ 9 ᠵᠣᠬᠢᠶᠠᠨ ᠪᠠᠶᠢᠭᠤᠯᠵᠤ᠂ ᠨᠡᠶᠢᠲᠡ 924 ᠬᠥᠮᠥᠨ ᠤᠳᠠᠭ᠎ᠠ ᠬᠥᠳᠡᠭᠡ ᠪᠠᠭᠤᠯᠭᠠᠪᠠ᠃ ᠡᠮᠴᠢᠯᠡᠭᠡᠨ ᠤ ᠬᠠᠮᠲᠤ ᠶᠢᠨ ᠴᠣᠭᠴᠠ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ ᠨᠢᠭᠡᠳᠦᠭᠡᠷ ᠬᠤᠭᠤᠴᠠᠭᠠᠨ ᠤ 56 ᠲᠥᠷᠥᠯ ᠵᠦᠢᠯ ᠢ ᠨᠢᠭᠡᠨᠲᠡ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠠᠰᠠᠭᠤᠨ ᠣᠨᠣᠰᠢᠯᠠᠬᠤ ᠳᠤ ᠲᠤᠶᠢᠯ ᠤᠨ ᠶᠡᠭᠡ ᠲᠥᠬᠦᠮ ᠦᠵᠡᠭᠦᠯᠵᠦ᠂ ᠡᠮᠴᠢᠯᠡᠭᠡᠨ ᠤ ᠦᠢᠯᠡᠴᠢᠯᠡᠭᠡ ᠪᠠ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠳᠬᠠᠪᠠ᠃      ᠳᠠᠷᠠᠭᠠᠴᠢ ᠶᠢᠨ ᠠᠯᠬᠤᠮ ᠳᠤ᠂ ᠴᠢᠩ ᠱᠦᠢ ᠾᠧ ᠰᠢᠶᠠᠨ ᠤ ᠬᠢᠨ ᠡᠭᠦᠳᠦᠨ ᠪᠠᠶᠢᠭᠤᠯᠬᠤ ᠪᠣᠯ ᠠᠷᠠᠳ ᠲᠦᠮᠡᠨ ᠤ ᠲᠥᠯᠥᠭᠡ ᠪᠣᠯᠬᠤ ᠠᠩᠬᠠᠨ ᠤ ᠰᠡᠳᠬᠢᠯ ᠢ ᠪᠠᠷᠢᠮᠲᠠᠯᠠᠵᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠳᠤᠲᠠᠭᠤᠳᠠᠯ ᠢᠶᠠᠨ ᠤᠯᠠᠮ ᠴᠢᠨᠠᠭᠰᠢᠳᠠ ᠨᠥᠬᠦᠪᠦᠷᠢᠯᠡᠵᠦ᠂ ᠲᠦᠷᠦᠯ ᠵᠦᠢᠯ ᠢᠶᠠᠨ ᠬᠦᠴᠦᠷᠬᠡᠭᠵᠢᠭᠦᠯᠵᠦ᠂ ᠰᠠᠭᠤᠷᠢ ᠪᠠᠨ ᠪᠠᠲᠤᠳᠬᠠᠵᠤ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠪᠦᠬᠦ ᠰᠢᠶᠠᠨ ᠤ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠴᠢᠩ ᠱᠦᠢ ᠾᠧ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1