ᠪᠦᠬᠦ ᠰᠢᠶᠠᠨ ᠤ ᠬᠡᠪᠴᠢᠶᠡᠨ ᠳᠤ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠴᠤᠭᠯᠠᠭᠤᠯᠬᠤ ᠲᠤᠬᠠᠢ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/12/8
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠰᠢᠶᠠᠨ ᠤ ᠡᠯ᠎ᠡ ᠬᠤᠯᠪᠣᠭᠳᠠᠯ ᠪᠦᠬᠦᠢ ᠨᠢᠭᠡᠴᠢ ᠳᠤ᠄      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ ᠳᠦᠷᠢᠮ ᠭᠡᠳᠡᠭ ᠨᠢ ᠰᠢᠶᠠᠨ ᠤ ᠵᠠᠰᠠᠭ ᠤᠨ ᠣᠷᠳᠣᠨ ᠠᠴᠠ ᠠᠷᠠᠳ ᠤᠯᠠᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠢᠶᠠᠨ ᠤ ᠨᠠᠮ ᠤᠨ ᠬᠤᠷᠢᠶᠠᠨ ᠳᠤ ᠮᠡᠳᠡᠭᠦᠯᠵᠦ ᠵᠥᠪᠰᠢᠶᠡᠷᠡᠭᠦᠯᠦᠭᠰᠡᠨ ᠤ ᠲᠠᠷᠠᠭ᠎ᠠ᠂ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠠᠴᠠ ᠲᠤᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯᠳᠤᠭᠠᠨ ᠤ ᠬᠤᠭᠤᠴᠠᠭᠠᠨ ᠳᠤ ᠫᠢᠶᠣᠣ ᠥᠭᠴᠦ ᠪᠠᠲᠤᠯᠠᠬᠤ ᠠᠷᠭ᠎ᠠ ᠮᠠᠶ᠋ᠢᠭ ᠢᠶᠠᠷ ᠰᠣᠩᠭᠤᠨ ᠲᠣᠭᠲᠠᠭᠠᠭᠰᠠᠨ ᠲᠥᠷᠥᠯ ᠵᠦᠢᠯ ᠢ ᠰᠢᠶᠠᠨ ᠤ ᠵᠠᠰᠠᠭ ᠤᠨ ᠣᠷᠳᠣᠨ ᠳᠤ ᠲᠤᠰᠢᠶᠠᠨ ᠥᠭᠴᠦ ᠵᠣᠬᠢᠶᠠᠨ ᠪᠠᠶᠢᠭᠤᠯᠤᠨ ᠬᠡᠷᠡᠭᠵᠢᠭᠦᠯᠦᠭᠦᠯᠬᠦ ᠶᠢᠨ ᠬᠠᠮᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠠᠷᠠᠳ ᠤᠯᠠᠨ ᠤ ᠬᠢᠨᠠᠯᠲᠠ ᠶᠢ ᠬᠦᠯᠢᠶᠡᠬᠦ ᠳᠦᠷᠢᠮ ᠢ ᠬᠡᠯᠡᠵᠦ ᠪᠣᠢ᠃      ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠫᠢᠶᠣᠣ ᠪᠠᠷ ᠲᠣᠭᠲᠠᠭᠠᠬᠤ ᠳᠦᠷᠢᠮ ᠤᠨ ᠬᠤᠯᠪᠣᠭᠳᠠᠯ ᠪᠦᠬᠦᠢ ᠠᠵᠢᠯ ᠢ ᠦᠨᠡᠨ ᠬᠦ ᠰᠠᠶᠢᠲᠤᠷ ᠬᠢᠬᠦ ᠶᠢᠨ ᠲᠥᠯᠥᠭᠡ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠠᠷᠠᠳ ᠤᠯᠠᠨ ᠤ ᠬᠠᠯᠠᠮᠵᠢᠯᠠᠯ ᠳᠤ ᠰᠠᠭᠤᠷᠢᠯᠠᠨ᠂ ᠪᠦᠬᠦ ᠰᠢᠶᠠᠨ ᠤ ᠬᠡᠪᠴᠢᠶᠡᠨ ᠠᠴᠠ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠪᠠᠷ ᠪᠣᠢ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠴᠤᠭᠯᠠᠭᠤᠯᠬᠤ ᠱᠠᠭᠠᠷᠳᠠᠯᠭ᠎ᠠ      ︵ᠨᠢᠭᠡ︶ ᠰᠠᠨᠠᠭᠤᠯᠬᠤ ᠲᠥᠷᠥᠯ ᠵᠦᠢᠯ ᠤᠨ ᠬᠡᠷᠡᠭᠵᠢᠭᠦᠯᠬᠦ ᠨᠥᠬᠦᠴᠡᠯ ᠨᠢ ᠨᠡᠯᠢᠶᠡᠳ ᠪᠣᠯᠪᠠᠰᠤᠷᠠᠩᠭᠤᠢ᠂ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠬᠤ ᠬᠡᠷᠡᠭᠲᠡᠢ᠂ ᠡᠩ ᠤᠨ ᠪᠠᠶᠢᠳᠠᠯ ᠳᠤ ᠲᠥᠷᠥᠯ ᠵᠦᠢᠯ ᠤᠨ ᠨᠡᠷᠡᠶᠢᠳᠦᠯ᠂ ᠲᠥᠷᠥᠯ ᠵᠦᠢᠯ ᠤᠨ ᠠᠬᠤᠢ ᠪᠠᠶᠢᠳᠠᠯ᠂ ᠲᠥᠷᠥᠯ ᠵᠦᠢᠯ ᠤᠨ ᠠᠭᠤᠯᠭ᠎ᠠ᠂ ᠬᠡᠷᠡᠭᠵᠢᠭᠦᠯᠬᠦ ᠪᠡᠶᠡᠴᠢ ᠴᠣᠭᠴᠠ᠂ ᠪᠡᠯᠡ ᠮᠥᠩᠭᠦ ᠶᠢᠨ ᠲᠣᠬᠢᠷᠠᠭᠤᠯᠤᠯᠲᠠ ᠶᠢ ᠲᠣᠳᠣᠷᠬᠠᠶᠢᠯᠠᠬᠤ ᠶᠢᠨ ᠬᠠᠮᠲᠤ ᠲᠥᠷᠥᠯ ᠵᠦᠢᠯ ᠤᠨ ᠪᠣᠯᠣᠮᠵᠢᠲᠤ ᠵᠠᠳᠠᠯᠤᠯᠲᠠ ᠶᠢᠨ ᠮᠠᠲ᠋ᠧᠷᠢᠶᠠᠯ ᠵᠢᠴᠢ ᠪᠤᠰᠤᠳ ᠬᠠᠩᠭᠠᠬᠤ ᠴᠢᠬᠤᠯᠠᠲᠠᠢ ᠠᠭᠤᠯᠭ᠎ᠠ ᠶᠢ ᠭᠠᠷᠭᠠᠵᠤ ᠥᠭᠬᠦ ᠬᠡᠷᠡᠭᠲᠡᠢ᠂ ᠣᠨᠴᠠᠭᠠᠶ ᠪᠠᠶᠢᠳᠠᠯ ᠳᠤ ᠳᠥᠭᠦᠮᠴᠢᠯᠡᠨ ᠰᠢᠢᠳᠪᠦᠷᠢᠯᠡᠵᠦ ᠪᠣᠯᠣᠨ᠎ᠠ᠃      ︵ᠬᠤᠶᠠᠷ︶ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠲᠠᠯ᠎ᠠ ᠪᠠᠷ᠂ ᠲᠥᠯᠥᠭᠡᠯᠡᠬᠦ ᠴᠢᠨᠠᠷ᠂ ᠪᠥᠬᠦ ᠲᠠᠯ᠎ᠠ ᠶᠢᠨ ᠴᠢᠨᠠᠷ᠂ ᠠᠰᠢᠭ ᠭᠥᠷᠳᠡᠬᠦ ᠬᠡᠪᠴᠢᠶ᠎ᠡ ᠪᠠᠷ ᠥᠷᠭᠡᠨ᠂ ᠠᠰᠢᠭ ᠭᠥᠷᠳᠡᠬᠦ ᠬᠡᠪᠴᠢᠶ᠎ᠡ ᠪᠠᠷ ᠶᠡᠭᠡ᠂ ᠨᠡᠶᠢᠭᠡᠮ ᠤᠨ ᠦᠷ᠎ᠡ ᠠᠰᠢᠭ ᠢᠶᠠᠷ ᠢᠯᠡᠷᠬᠡᠢ ᠵᠡᠷᠭᠡ ᠣᠨᠴᠠᠯᠢᠭ ᠲᠠᠢ ᠪᠠᠶᠢᠬᠤ ᠬᠡᠷᠡᠭᠲᠡᠢ᠃      ︵ᠭᠤᠷᠪᠠ︶ ᠪᠡᠯᠡ ᠮᠥᠩᠭᠦ ᠶᠢ ᠲᠣᠬᠢᠷᠠᠭᠤᠯᠬᠤ ᠲᠠᠯ᠎ᠠ ᠪᠠᠷ᠂ ᠪᠣᠯᠣᠮᠵᠢᠲᠤ ᠴᠢᠨᠠᠷ ᠲᠠᠢ ᠪᠠᠶᠢᠵᠤ᠂ ᠰᠢᠶᠠᠨ ᠤ ᠬᠡᠪᠴᠢᠶᠡᠨ ᠤ ᠪᠣᠳᠠᠲᠤ ᠪᠠᠶᠢᠳᠠᠯ ᠢ ᠭᠦᠢᠴᠡᠳ ᠪᠣᠳᠣᠯᠬᠢᠯᠠᠨ᠂ ᠴᠢᠳᠠᠯ ᠤᠨ ᠢᠶᠠᠨ ᠬᠢᠷᠢ ᠪᠠᠷ ᠬᠢᠵᠦ᠂ ᠬᠢᠵᠠᠭᠠᠷ ᠲᠠᠢ ᠡᠳ᠋ ᠤᠨ ᠬᠦᠴᠦᠨ ᠪᠠ ᠡᠬᠢ ᠪᠠᠶᠠᠯᠢᠭ ᠢᠶᠠᠷ ᠠᠷᠠᠳ ᠤᠨ ᠠᠮᠢᠳᠤᠷᠠᠯ ᠤᠨ ᠠᠵᠤ ᠠᠬᠤᠢ ᠶᠢᠨ ᠬᠥᠭᠵᠢᠯᠲᠡ ᠶᠢ ᠤᠷᠢᠳᠠᠪᠠᠷ ᠳᠡᠮᠵᠢᠬᠦ ᠬᠡᠷᠡᠭᠲᠡᠢ᠃      ︵ᠳᠥᠷᠪᠡ︶ ᠪᠦᠲᠦᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭᠠᠨ ᠳᠤ᠂ ᠡᠵᠡᠮᠳᠡᠵᠦ ᠪᠣᠯᠬᠤ ᠴᠢᠨᠠᠷ ᠲᠠᠢ ᠪᠠᠶᠢᠵᠤ᠂ ᠡᠩ ᠤᠨ ᠪᠠᠶᠢᠳᠠᠯ ᠳᠤ ᠲᠣᠰ ᠣᠨ ᠳᠤ ᠪᠡᠶᠡᠯᠡᠭᠦᠯᠬᠦ ᠪᠤᠶᠤ ᠱᠠᠲᠤ ᠦᠶ᠎ᠡ ᠶᠢᠨ ᠴᠢᠨᠠᠷᠲᠠᠢ ᠠᠬᠢᠴᠠ ᠳᠤ ᠢᠯᠡᠷᠬᠡᠢ ᠬᠤᠪᠢᠷᠠᠯᠲᠠ ᠲᠠᠢ ᠪᠠᠶᠢᠬᠤ ᠬᠡᠷᠡᠭᠲᠡᠢ᠃      ︵ᠲᠠᠪᠤ︶ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠲᠠᠯ᠎ᠠ ᠪᠠᠷ᠂ ᠵᠢᠷᠤᠮᠵᠢᠯ ᠤᠨ ᠴᠢᠨᠠᠷᠲᠠᠢ ᠪᠠᠶᠢᠵᠤ᠂ ᠰᠠᠨᠠᠭᠤᠯᠬᠤ ᠲᠥᠷᠥᠯ ᠵᠦᠢᠯ ᠢ ᠡᠳ᠋ ᠤᠨ ᠵᠠᠰᠠᠭ ᠤᠨ ᠲᠥᠰᠥᠪ ᠤᠨ ᠲᠣᠬᠢᠷᠠᠭᠤᠯᠤᠯᠲᠠ ᠶᠢ ᠦᠨᠳᠦᠰᠦᠯᠡᠨ᠂ ᠵᠢᠯ ᠪᠦᠷᠢ ᠶᠢᠨ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠰᠠᠨᠠᠭᠤᠯᠭ᠎ᠠ ᠶᠢᠨ ᠲᠥᠷᠥᠯ ᠵᠦᠢᠯ ᠤᠨ ᠵᠠᠷᠯᠠᠯ ᠳᠠᠬᠢ ᠪᠡᠯᠡ ᠣᠷᠣᠭᠤᠯᠤᠯᠲᠠ ᠶᠢᠨ ᠬᠡᠪᠴᠢᠶ᠎ᠡ ᠶᠢᠨ ᠱᠠᠭᠠᠷᠳᠠᠯᠭ᠎ᠠ ᠶᠣᠰᠣᠭᠠᠷ ᠴᠤᠭᠯᠠᠭᠤᠯᠤᠨ᠎ᠠ᠃      ᠬᠤᠶᠠᠷ᠂ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠴᠤᠭᠯᠠᠭᠤᠯᠬᠤ ᠴᠠᠭ ᠤᠨ ᠬᠢᠵᠠᠭᠠᠷ ᠵᠢᠴᠢ ᠠᠷᠭ᠎ᠠ ᠮᠠᠶ᠋ᠢᠭ      ︵ᠨᠢᠭᠡ︶ ᠴᠤᠭᠯᠠᠭᠤᠯᠬᠤ ᠴᠠᠭ᠄ 2023 ᠣᠨ ᠤ 12 ᠳ᠋ᠤᠭᠠᠷ ᠰᠠᠷ᠎ᠠ ᠶᠢᠨ 4 ᠤ ᠡᠳᠦᠷ ᠠᠴᠠ 2023 ᠣᠨ ᠤ 12 ᠳ᠋ᠤᠭᠠᠷ ᠰᠠᠷ᠎ᠠ ᠶᠢᠨ 22 ᠤᠨ ᠡᠳᠦᠷ ︵15 ᠠᠵᠢᠯᠯᠠᠬᠤ ᠡᠳᠦᠷ ᠤᠨ ᠳᠣᠲᠣᠷ᠎ᠠ︶ ᠪᠣᠯᠲᠠᠯ᠎ᠠ      ︵ᠬᠤᠶᠠᠷ︶ ᠡᠯᠰᠡᠨ ᠴᠤᠭᠯᠠᠭᠤᠯᠬᠤ ᠠᠷᠭ᠎ᠠ ᠮᠠᠶ᠋ᠢᠭ᠄ ᠥᠷᠭᠡᠨ ᠣᠯᠠᠨ ᠠᠷᠠᠳ ᠲᠦᠮᠡᠨ ︽ᠴᠢᠩ ᠱᠦᠢ ᠾᠧ ᠰᠢᠶᠠᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠤᠨ ᠡᠯᠰᠡᠨ ᠴᠤᠭᠯᠠᠭᠤᠯᠬᠤ ᠬᠦᠰᠦᠨᠦᠭᠲᠦ︾ ᠶᠢ ᠥᠪᠡᠰᠦᠪᠡᠨ ᠪᠠᠭᠤᠯᠭᠠᠵᠤ᠂ ᠲᠠᠭᠯᠠᠵᠤ ᠪᠠᠷᠠᠭᠰᠠᠨ ᠤ ᠳᠠᠷᠠᠭ᠎ᠠ qshzf2005@163.com ᠬᠦᠷᠭᠡᠵᠦ ᠪᠣᠯᠣᠨ᠎ᠠ      ᠮᠠᠨ ᠤ ᠰᠢᠶᠠᠨ ᠤ ᠠᠵᠢᠯ ᠦᠢᠯᠡᠰ ᠤᠨ ᠬᠥᠭᠵᠢᠯᠲᠡ ᠶᠢ ᠬᠠᠯᠠᠮᠵᠢᠯᠠᠨ ᠳᠡᠮᠵᠢᠳᠡᠭ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ᠂ ᠪᠢᠳᠡ ᠴᠤᠭᠯᠠᠭᠤᠯᠵᠤ ᠣᠯᠣᠭᠰᠠᠨ ᠮᠡᠳᠡᠭᠡ ᠵᠠᠩᠭᠢ ᠪᠠᠨ ᠦᠨᠳᠦᠰᠦᠯᠡᠨ ᠲᠦᠷᠦᠯ ᠬᠤᠪᠢᠶᠠᠨ᠂ ᠡᠮᠬᠢᠯᠡᠨ ᠲᠢᠭᠯᠡᠬᠦ ᠪᠠ ᠰᠢᠯᠢᠨ ᠰᠣᠩᠭᠤᠵᠤ᠂ ᠰᠠᠶᠢᠨ ᠶᠠᠪᠤᠳᠠᠯ ᠢ ᠰᠠᠶᠢᠲᠤᠷ ᠬᠢᠬᠦ ᠪᠠᠷ ᠴᠢᠷᠮᠠᠶᠢᠨ᠎ᠠ᠃      ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ      2023 ᠣᠨ ᠤ 12ᠳ᠋ᠤᠭᠠᠷ ᠰᠠᠷ᠎ᠠ ᠶᠢᠨ 4
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1