ᠪᠥᠬᠦ ᠣᠷᠣᠨ ᠤ ᠰᠢᠨ᠎ᠡ ᠨᠢᠭᠡ ᠡᠭᠡᠯᠵᠢ ᠶᠢᠨ HPV9 ᠸᠠᠺᠼᠢᠨ ᠢ ᠤᠷᠢᠳᠴᠢᠯᠠᠨ ᠪᠣᠯᠵᠣᠵᠤ ᠡᠬᠢᠯᠡᠪᠡ ᠮᠠᠨ ᠤ ᠬᠤᠲᠠ ᠶᠢᠨ ᠪᠣᠯᠵᠣᠬᠤ ᠴᠠᠭ ᠨᠢ 12 ᠳ᠋ᠤᠭᠠᠷ ᠰᠠᠷ᠎ᠠ ᠶᠢᠨ 1 ᠤ ᠡᠳᠦᠷ ᠤᠨ 14:30-16:30
ᠨᠡᠶᠢᠲᠡᠯᠡᠭᠰᠡᠨ ᠴᠠᠭ᠄
2023/12/9
     ︵ᠰᠤᠷᠪᠤᠯᠵᠢᠯᠠᠭᠴᠢ ᠯᠢᠶᠠᠩ ᠵᠢᠩ ᠱᠤ᠋︶ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠣᠶᠢᠯᠠᠭᠠᠭᠰᠠᠨ ᠨᠢ᠂ ︽ᠮᠥᠩᠬᠡ ᠰᠤᠪᠠᠭ︾ ᠰᠢᠯᠵᠢᠮᠡᠯ ᠦᠵᠦᠭᠦᠷ ᠤᠨ ᠶᠢᠰᠦᠨ ᠸᠠᠯᠧᠨ᠋ᠲ ᠤᠨ HPV ᠸᠠᠺᠼᠢᠨ ᠤ ᠠᠯᠪᠠᠨ ᠤ ᠲᠠᠯ᠎ᠠ ᠶᠢᠨ ᠪᠣᠯᠵᠣᠬᠤ ᠦᠢᠯᠡᠴᠢᠯᠡᠭᠡ ︵ᠪᠥᠬᠦ ᠣᠷᠣᠨ ᠤ ᠰᠢᠨ᠎ᠡ ᠨᠢᠭᠡ ᠡᠭᠡᠯᠵᠢ︶ ᠶᠢ 11 ᠳ᠋ᠦ᠋ᠭᠡᠷ ᠰᠠᠷ᠎ᠠ ᠶᠢᠨ 27 ᠤ ᠡᠳᠦᠷ ᠠᠴᠠ ᠡᠬᠢᠯᠡᠨ ᠡᠯ᠎ᠡ ᠠᠶᠢᠮᠠᠭ ᠬᠤᠲᠠ ᠪᠠᠷ ᠨᠢᠭᠡᠴᠢ ᠪᠣᠯᠭᠠᠨ ᠰᠦᠯᠵᠢᠶᠡᠨ ᠳᠡᠭᠡᠷ᠎ᠡ ᠪᠣᠯᠵᠣᠬᠤ ︵ᠲᠤᠷᠰᠢᠨ ᠠᠵᠢᠯᠯᠠᠭᠤᠯᠬᠤ︶ ᠶᠢ ᠵᠠᠯᠭᠠᠭ᠎ᠠ ᠪᠠᠷ ᠨᠡᠭᠡᠭᠡᠨ᠎ᠡ᠃ ᠮᠠᠨ ᠤ ᠬᠤᠲᠠ ᠶᠢᠨ ᠪᠣᠯᠵᠣᠬᠤ ᠴᠠᠭ ᠨᠢ 12 ᠳ᠋ᠤᠭᠠᠷ ᠰᠠᠷ᠎ᠠ ᠶᠢᠨ 1 ᠤ ᠡᠳᠦᠷ ︵ᠭᠠᠷᠠᠭ ᠤᠨ ᠲᠠᠪᠤᠨ︶ ᠤᠨ 14᠄ 30 ᠠᠴᠠ 16᠄ 30᠃      ᠣᠶᠢᠯᠠᠭᠠᠭᠰᠠᠨ ᠢᠶᠠᠷ᠂ ︽ᠮᠥᠩᠬᠡ ᠰᠤᠪᠠᠭ︾ ᠪᠣᠯ ᠠᠯᠪᠠᠨ ᠤ ᠲᠠᠯ᠎ᠠ ᠶᠢᠨ ᠴᠣᠷ ᠤᠨ ᠭᠠᠭᠴᠠ ᠤᠷᠢᠳᠴᠢᠯᠠᠨ ᠪᠣᠯᠵᠣᠬᠤ ᠲᠠᠪᠴᠠᠩ ᠪᠣᠯᠣᠨ᠎ᠠ᠂ ᠬᠠᠷᠢᠶ᠎ᠠ ᠣᠷᠣᠨ ᠤ ᠰᠠᠭᠤᠭᠠᠯᠢ ᠠᠷᠠᠳ ︽ᠮᠥᠩᠬᠡ ᠰᠤᠪᠠᠭ︾ ᠲᠤ ᠳᠠᠩᠰᠠᠯᠠᠭᠤᠯᠤᠨ ᠲᠡᠷᠢᠭᠦᠨ ᠨᠢᠭᠤᠷ ᠲᠠᠬᠢ HPV ᠸᠠᠺᠼᠢᠨ ᠤ ᠤᠷᠢᠳᠴᠢᠯᠠᠨ ᠪᠣᠯᠵᠣᠬᠤ ᠡᠭᠦᠳᠡ ᠪᠠᠷ ᠣᠷᠣᠵᠤ ᠪᠣᠯᠵᠣᠪᠠᠯ ᠪᠣᠯᠴᠢᠬᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1