︵ᠰᠤᠷᠪᠤᠯᠵᠢᠯᠬᠠᠴᠢ ᠰᠦᠨ ᠯᠢ ᠶᠢᠩ︶ 2 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠮᠠᠨ ᠤ ᠣᠷᠣᠨ ᠳᠤ ᠰᠠᠭᠤᠭ᠎ᠠ ᠪᠦᠬᠦ | ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ | ᠬᠥᠬᠡᠬᠤᠲᠠ ᠳᠤ ᠲᠥᠪᠯᠡᠷᠡᠭᠦᠯᠦᠨ ᠰᠢᠨᠵᠢᠯᠡᠨ ᠪᠠᠶᠢᠴᠠᠭᠠᠯᠲᠠ ᠥᠷᠨᠢᠭᠦᠯᠪᠡ᠃ | ᠲᠥᠯᠥᠭᠡᠯᠡᠭᠴᠢᠳ ᠤᠷᠢᠳ ᠬᠤᠵᠢᠳ ᠢᠯᠢ ᠠᠵᠤ ᠦᠢᠯᠡᠰ ᠤᠨ ᠪᠦᠯᠦᠭᠯᠡᠯ ᠤᠨ ᠢᠯᠢ ᠡᠷᠡᠭᠦᠯ ᠮᠡᠨᠳᠦ ᠶᠢᠨ | ᠬᠥᠨᠳᠡᠢ ᠶᠢᠨ ᠰᠢᠩᠭᠡᠨ ᠰᠦ ᠶᠢᠨ ᠪᠥᠬᠦ ᠪᠥᠮᠪᠥᠷᠴᠡᠭ ᠤᠨ ᠤᠶᠤᠨᠲᠤ ᠦᠢᠯᠡᠳᠭᠡᠯ ᠤᠨ ᠦᠯᠢᠭᠡᠷ ᠳᠠᠭᠤᠷᠢᠶᠠᠯ ᠤᠨ | ᠰᠠᠭᠤᠷᠢᠨ᠂ ᠮᠧᠩ ᠼᠤᠤ ᠦᠷ᠎ᠡ ᠶᠢᠨ ᠦᠢᠯᠡᠰ ᠤᠨ ᠪᠦᠯᠦᠭᠯᠡᠯ ᠪᠣᠯᠣᠨ ᠣᠪᠣᠭ᠎ᠠ ᠲᠣᠰᠬᠤᠨ ᠵᠡᠷᠭᠡ ᠭᠠᠵᠠᠷ ᠢᠶᠠᠷ | ᠭᠦᠨᠵᠡᠭᠡᠶᠢᠷᠡᠵᠦ᠂ ᠲᠤᠬᠠᠶ ᠶᠢᠨ ᠲᠠᠯᠠᠪᠠᠶ ᠳᠤ ᠲᠣᠭᠤᠷᠢᠨ ᠦᠵᠡᠬᠦ᠂ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ | ᠦᠵᠡᠬᠦ᠂ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ | ᠣᠷᠣᠨ ᠤ ᠰᠦ ᠶᠢᠨ ᠦᠢᠯᠡᠰ ᠤᠨ ᠬᠥᠭᠵᠢᠯᠲᠡ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠤ ᠰᠤᠳᠤᠯᠭᠠᠨ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠷᠪᠠᠨ | ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠣᠷᠣᠯᠴᠠᠬᠤ ᠳᠤ ᠰᠠᠶᠢᠲᠤᠷ ᠪᠡᠯᠡᠳᠬᠡᠯ ᠬᠢᠪᠡ᠃ |