ᠮᠠᠨ ᠤ ᠬᠤᠲᠠ ᠡᠨᠡ ᠵᠢᠯ 39 ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠡᠷᠡᠭᠵᠢᠭᠦᠯᠬᠦ ᠪᠣᠶᠣ ᠲᠥᠯᠥᠪᠵᠢᠭᠦᠯᠦᠨ᠎ᠡ
ᠨᠡᠶᠢᠲᠡᠯᠡᠭᠰᠡᠨ ᠴᠠᠭ᠄
2023/2/13
ᠵᠢᠯ ᠤᠨ ᠳᠣᠲᠣᠷ᠎ᠠ 38.31 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ      ︵ᠰᠤᠷᠪᠤᠯᠵᠢᠯᠠᠭᠴᠢ ᠦ᠋ ᠽᠢ ᠰᠢᠤᠸᠠᠨ︶ ᠣᠶᠢᠷ᠎ᠠ ᠳᠤ ᠬᠤᠳᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠬᠤᠳᠠ ᠦᠶᠡᠷ ᠢ ᠰᠡᠷᠭᠡᠶᠢᠯᠡᠬᠦ᠂ ᠤᠰᠤ ᠬᠠᠩᠭᠠᠬᠤ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢ ᠨᠢᠭᠡᠳᠦᠯᠲᠡᠢ ᠲᠥᠯᠥᠪᠵᠢᠭᠦᠯᠬᠦ ᠪᠠᠷ ᠭᠤᠣᠯᠳᠠᠯᠭ᠎ᠠ ᠪᠣᠯᠭᠠᠵᠤ᠂ 39 ᠤᠰᠤᠨ ᠠᠰᠢᠭᠯᠠᠯᠲᠠ ᠶᠢᠨ ᠲᠦᠷᠦᠯ ᠵᠦᠢᠯ ᠢ ᠬᠡᠷᠡᠭᠵᠢᠭᠦᠯᠬᠦ ᠪᠣᠶᠣ ᠲᠥᠯᠥᠪᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ 180 ᠳ᠋ᠦᠩᠰᠢᠭᠤᠷ ᠲᠥᠭᠦᠷᠢᠭ ᠢ ᠳᠠᠪᠠᠵᠤ᠂ ᠵᠢᠯ ᠤᠨ ᠳᠣᠲᠣᠷ᠎ᠠ 38.31 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃      ᠡᠨᠡ ᠵᠢᠯ ᠮᠠᠨ ᠤ ᠬᠤᠲᠠ ᠬᠠᠲᠤᠨ ᠭᠤᠣᠯ ᠤᠨ ᠲᠠᠩ ᠭᠠᠵᠠᠷ ᠢ ᠨᠡᠭᠦᠯᠭᠡᠨ ᠪᠠᠶᠢᠭᠤᠯᠬᠤ ᠪᠠᠷᠢᠯᠭ᠎ᠠ᠂ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠪᠠᠷᠢᠯᠭ᠎ᠠ᠂ ᠤᠰᠤ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ ᠪᠠᠷᠢᠯᠭ᠎ᠠ᠂ ᠬᠥᠷᠥᠰᠥ ᠰᠢᠷᠣᠢ ᠶᠢ ᠬᠠᠮᠠᠭᠠᠯᠠᠬᠤ ᠵᠢᠴᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠬᠥᠳᠡᠭᠡ ᠲᠣᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠪᠠᠷᠢᠯᠭ᠎ᠠ᠂ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠤ ᠤᠰᠤ ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ᠂ ᠳᠤᠮᠳᠠ ᠵᠢᠵᠢᠭ ᠭᠤᠣᠯ ᠮᠥᠷᠡᠨ ᠢ ᠵᠠᠰᠠᠬᠤ ᠪᠠᠷᠢᠯᠭ᠎ᠠ᠂ ᠬᠤᠲᠠ ᠶᠢᠨ ᠲᠠᠰ ᠤᠨ ᠭᠤᠣᠯ ᠮᠥᠷᠡᠨ ᠨᠠᠭᠤᠷ ᠴᠥᠭᠦᠷᠥᠮ ᠤᠨ ᠮᠡᠳᠡᠭᠡ ᠵᠠᠩᠭᠢ ᠶᠢᠨ ᠲᠠᠪᠴᠠᠩ ᠤᠨ ᠲᠥᠷᠥᠯ ᠵᠦᠢᠯ ᠤᠨ ᠨᠠᠢᠮᠠᠨ ᠶᠡᠭᠡ ᠲᠥᠷᠥᠯ ᠤᠨ 35 ᠡᠩ ᠤᠨ ᠤᠰᠤᠨ ᠠᠰᠢᠭᠯᠠᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠵᠢᠯ ᠤᠨ ᠳᠣᠲᠣᠷ᠎ᠠ 4.81 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃      ᠡᠭᠦᠨ ᠤ ᠬᠠᠮᠲᠤ᠂ 4 ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠲᠥᠯᠥᠪᠵᠢᠭᠦᠯᠪᠡ᠄ ᠨᠢᠭᠡ ᠳᠤ ᠬᠠᠲᠤᠨ ᠭᠤᠣᠯ ᠤᠨ ᠤᠰᠤ ᠶᠢ ᠬᠥᠬᠡᠬᠤᠲᠠ ᠳᠤ ᠲᠠᠲᠠᠵᠤ ︵ᠭᠤᠷᠪᠠᠳᠤᠭᠠᠷ ᠬᠤᠭᠤᠴᠠᠭ᠎ᠠ︶ ᠤᠰᠤ ᠬᠠᠩᠭᠠᠬᠤ ᠥᠷᠭᠡᠳᠬᠡᠨ ᠪᠠᠶᠢᠭᠤᠯᠬᠤ ᠪᠠᠷᠢᠯᠭ᠎ᠠ᠂ ᠶᠡᠷᠦᠩᠬᠡᠢ ᠪᠡᠯᠡ ᠣᠷᠣᠭᠤᠯᠤᠯᠲᠠ ᠨᠢ 99.35 ᠳ᠋ᠦᠩᠰᠢᠭᠤᠷ ᠲᠥᠭᠦᠷᠢᠭ᠂ ᠲᠥᠯᠥᠪᠯᠡᠭᠰᠡᠨ ᠬᠡᠮᠵᠢᠶ᠎ᠡ ᠨᠢ ᠡᠳᠦᠷ ᠪᠦᠷᠢ 40 ᠲᠦᠮᠡᠨ ᠪᠣᠰᠤᠭ᠎ᠠ ᠳᠥᠷᠪᠡᠯᠵᠢᠨ ᠮᠧᠲᠷ᠂ ᠵᠢᠯ ᠤᠨ ᠤᠰᠤ ᠲᠠᠲᠠᠬᠤ ᠬᠡᠮᠵᠢᠶ᠎ᠡ ᠨᠢ 1.46 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠡᠨᠡ ᠵᠢᠯ ᠪᠥᠬᠦ ᠲᠠᠯ᠎ᠠ ᠪᠠᠷ ᠠᠵᠢᠯ ᠡᠬᠢᠯᠡᠭᠦᠯᠦᠨ ᠬᠡᠷᠡᠭᠵᠢᠭᠦᠯᠬᠦ ᠪᠠᠷ ᠲᠥᠯᠥᠪᠯᠡᠵᠦ ᠪᠣᠶ᠃ ᠬᠤᠶᠠᠷ ᠲᠤ ᠶᠡᠭᠡ ᠲᠦᠷᠭᠡᠨ ᠭᠤᠣᠯ ᠤᠨ ᠤᠰᠤᠨ ᠤ ᠠᠮᠢ ᠠᠬᠤᠢ ᠶᠢ ᠰᠡᠷᠭᠦᠭᠡᠨ ᠵᠠᠰᠠᠬᠤ ᠪᠠᠷᠢᠯᠭ᠎ᠠ᠂ ᠶᠡᠷᠦᠩᠬᠡᠢ ᠪᠡᠯᠡ ᠣᠷᠣᠭᠤᠯᠤᠯᠲᠠ  ᠨᠢ 12.2 ᠳ᠋ᠦᠩᠰᠢᠭᠤᠷ ᠲᠥᠭᠦᠷᠢᠭ᠂ ᠭᠤᠣᠯᠳᠠᠭᠤ ᠶᠡᠷᠦᠩᠬᠡᠢ ᠤᠷᠲᠤ ᠶᠢᠨ ᠬᠡᠮᠵᠢᠶ᠎ᠡ ᠨᠢ 57.6 ᠺᠢᠯᠣᠮᠧᠲᠷ ᠤᠨ 3 ᠬᠡᠰᠡᠭ ᠭᠤᠣᠯ ᠤᠨ ᠡᠷᠭᠢ ᠶᠢ ᠵᠠᠰᠠᠬᠤ᠂ ᠠᠮᠢ ᠠᠬᠤᠢ ᠶᠢ ᠰᠡᠷᠭᠦᠭᠡᠬᠦ᠂ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠪᠠᠭᠲᠠᠵᠤ᠂ ᠡᠨᠡ ᠵᠢᠯ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠳᠠᠭᠤᠰᠬᠠᠬᠤ ᠶᠢᠨ ᠬᠠᠮᠲᠤ ᠬᠡᠰᠡᠭ ᠭᠤᠣᠯ ᠤᠨ ᠬᠡᠰᠡᠭ ᠲᠤ ᠵᠠᠰᠠᠯᠲᠠ ᠬᠢᠬᠦ ᠪᠠᠷ ᠲᠥᠯᠥᠪᠯᠡᠵᠦ ᠪᠠᠶᠢᠨ᠎ᠠ᠃ ᠭᠤᠷᠪᠠ ᠳᠤ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ 9 ᠭᠤᠣᠯ ᠤᠨ ᠵᠠᠮ ᠢ ᠵᠠᠰᠠᠬᠤ ᠪᠠᠷᠢᠯᠭ᠎ᠠ᠂ ᠨᠡᠶᠢᠲᠡ 60 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ︽ᠳᠡᠭᠡᠷ᠎ᠡ ᠨᠢ ᠬᠠᠳᠠᠭᠠᠯᠠᠵᠤ᠂ ᠳᠤᠮᠳᠠ ᠨᠢ ᠬᠤᠷᠢᠵᠤ᠂ ᠳᠣᠷᠣᠭᠰᠢ ᠤᠷᠤᠰᠬᠠᠬᠤ︾ ᠣᠨᠣᠯᠵᠢᠬᠤᠨ ᠶᠣᠰᠣᠭᠠᠷ 9 ᠭᠤᠤ ᠶᠢ ᠵᠠᠰᠠᠬᠤ ᠳᠤ ᠰᠢᠰᠲ᠋ᠧᠮ ᠲᠠᠢ ᠰᠢᠢᠳᠪᠦᠷᠢᠯᠡᠬᠦ ᠲᠥᠰᠥᠯ ᠲᠣᠭᠲᠠᠭᠠᠵᠤ᠂ ᠪᠠᠷᠢᠯᠭ᠎ᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠤᠲᠠ ᠶᠢᠨ ᠲᠣᠭᠤᠷᠢᠭ ᠤᠨ ᠬᠤᠶᠢᠲᠤ ᠬᠡᠰᠡᠭ ᠤᠨ ᠦᠶᠡᠷ ᠢ ᠰᠡᠷᠭᠡᠶᠢᠯᠡᠬᠦ ᠪᠦᠷᠢᠨ ᠪᠦᠲᠦᠨ ᠰᠢᠰᠲ᠋ᠧᠮᠵᠢ ᠶᠢ ᠪᠦᠷᠢᠯᠳᠦᠭᠦᠯᠵᠦ᠂ ᠡᠨᠡ ᠵᠢᠯ ᠲᠥᠰᠥᠯ ᠢ ᠨᠠᠶᠢᠷᠠᠭᠤᠯᠤᠨ ᠵᠣᠬᠢᠶᠠᠵᠤ ᠲᠡᠭᠦᠯᠳᠡᠷᠵᠢᠭᠦᠯᠬᠦ ᠠᠵᠢᠯ ᠢ ᠳᠠᠭᠤᠰᠬᠠᠬᠤ ᠪᠠᠷ ᠲᠥᠯᠥᠪᠯᠡᠵᠦ ᠪᠠᠶᠢᠨ᠎ᠠ᠃ ᠳᠥᠷᠪᠡ ᠳᠤ ᠬᠠᠳᠤᠨ ᠭᠤᠣᠯ ᠤᠨ ᠲᠣᠭᠲᠠᠬᠤ ᠰᠢᠶᠠᠨ ᠤ ᠬᠡᠰᠡᠭ ᠤᠨ ᠴᠢᠨᠠᠷ ᠰᠠᠶᠢᠲᠠᠢ ᠬᠥᠭᠵᠢᠯᠲᠡ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠪᠠᠷᠢᠯᠭ᠎ᠠ᠂ ᠲᠥᠯᠥᠪᠯᠡᠭᠡ ᠪᠠᠷ ᠬᠠᠳᠤᠨ ᠭᠤᠣᠯ ᠤᠨ ᠦᠶᠡᠷ ᠢ ᠰᠡᠷᠭᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ ᠳᠤ ᠲᠦᠰᠢᠭᠯᠡᠵᠦ᠂ ᠦᠶᠡᠷ ᠰᠡᠷᠭᠡᠶᠢᠯᠡᠯᠲᠡ ᠶᠢᠨ ᠠᠶᠤᠯᠭᠦᠢ᠂ ᠠᠮᠢ ᠠᠬᠤᠢ ᠶᠢ ᠰᠡᠷᠭᠦᠭᠡᠬᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ᠂ ᠬᠠᠳᠤᠨ ᠭᠤᠣᠯ ᠤᠨ ᠲᠣᠭᠲᠠᠬᠤ ᠰᠢᠶᠠᠨ ᠤ ᠬᠡᠰᠡᠭ ᠲᠤ ᠠᠮᠢ ᠠᠬᠤᠢ ᠶᠢᠨ ᠠᠶᠤᠯᠭᠦᠢ ᠪᠣᠯᠣᠨ ᠦᠶᠡᠷ ᠢ ᠰᠡᠷᠭᠡᠶᠢᠯᠡᠬᠦ ᠠᠶᠤᠯᠭᠦᠢ ᠶᠢᠨ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠶᠢᠭᠤᠯᠬᠤ ᠶᠢᠨ ᠬᠠᠮᠲᠤ ᠵᠠᠮ ᠳᠠᠭᠠᠤ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠂ ᠡᠨᠡ ᠵᠢᠯ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ ᠳᠠᠭᠤᠰᠬᠠᠬᠤ ᠪᠠᠷ ᠲᠥᠯᠥᠪᠯᠡᠵᠦ ᠪᠤᠢ᠃ ᠳᠡᠭᠡᠷᠡᠬᠢ ᠲᠥᠷᠥᠯ ᠵᠦᠢᠯ ᠳᠤ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠤᠰᠤᠨ ᠤ ᠭᠦᠢᠴᠡᠳᠬᠡᠯ ᠲᠤᠭ᠎ᠠ ᠪᠣᠯᠣᠨ ᠲᠥᠷᠥᠯ ᠵᠦᠢᠯ ᠢ ᠲᠥᠯᠥᠪᠵᠢᠭᠦᠯᠭᠡ ᠳᠤ ᠣᠷᠣᠭᠤᠯᠬᠤ ᠲᠠᠯ᠎ᠠ ᠪᠠᠷ ᠬᠦᠴᠦᠲᠡᠢ ᠳᠡᠮᠵᠢᠯᠭᠡ ᠦᠵᠡᠭᠦᠯᠬᠦ ᠪᠠᠷ ᠢᠳᠡᠪᠬᠢᠯᠡᠨ ᠴᠢᠷᠮᠠᠶᠢᠵᠤ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1