ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯ ᠦᠨᠳᠦᠰᠦᠨ ᠱᠠᠲᠤᠨ ᠳᠤ ᠣᠷᠣᠪᠠ ︱ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠯᠢᠶᠠᠰᠤᠲᠠᠢ ᠰᠢᠶᠠᠩ ᠳᠤ ᠬᠦᠷᠴᠦ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2023/2/14
     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠺᠠᠳ᠋ᠷᠴᠤᠳ ᠤᠨ ᠦᠵᠡᠯ ᠰᠠᠨᠠᠭ᠎ᠠ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠬᠦ ᠶᠢᠨ ᠲᠤᠰᠠᠳᠠ᠂ 2 ᠳ᠋ᠤᠭᠠᠷ ᠰᠠᠷ᠎ᠠ ᠶᠢᠨ 13  ᠤ ᠡᠳᠦᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠴᠢᠩ ᠱᠦᠢ ᠾᠧ ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠯᠢᠶᠠᠰᠤᠲᠠᠢ ᠰᠢᠶᠠᠩ ᠳᠤ ᠬᠦᠷᠴᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢᠨ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
     ᠰᠢᠶᠠᠨ ᠤ ᠨᠠᠮ ᠤᠨ ᠬᠤᠷᠢᠶᠠᠨ ᠤ ᠯᠧᠺᠲ᠋ᠣᠷ ᠤᠨ ᠪᠦᠯᠬᠦᠮ ᠤᠷᠢᠳ ᠬᠤᠵᠢᠳ ᠤᠯᠢᠶᠠᠰᠤᠲᠠᠢ ᠰᠢᠶᠠᠩ ᠤᠨ ᠵᠠᠰᠠᠭ ᠤᠨ ᠣᠷᠳᠣᠨ᠂ ᠭᠤᠴᠢᠨ ᠨᠢᠭᠡᠳᠦᠭᠡᠷ ᠲᠣᠰᠬᠤᠨ ᠤ ᠵᠥᠪᠯᠡᠯ ᠳᠤ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠵᠦ᠂ ᠤᠬᠠᠭᠤᠯᠤᠨ ᠲᠠᠶᠢᠯᠪᠤᠷᠢᠯᠠᠬᠤ ᠶᠠᠪᠤᠴᠠ ᠳᠤ᠂ ᠯᠧᠺᠲ᠋ᠣᠷ ᠤᠨ ᠪᠦᠯᠬᠦᠮ ᠤᠨ ᠪᠦᠷᠢᠯᠳᠦᠭᠦᠨ ᠨᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠤᠨ ᠤᠭ ᠵᠣᠬᠢᠶᠠᠯ ᠲᠠᠢ ᠨᠢᠭᠲᠠ ᠤᠶᠠᠯᠳᠤᠭᠤᠯᠤᠨ᠂ ᠤᠯᠢᠶᠠᠰᠤᠲᠠᠢ ᠰᠢᠶᠠᠩ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠤᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠭᠤᠣᠯ ᠰᠡᠳᠦᠪ᠂ ᠭᠤᠣᠯ ᠦᠷ᠎ᠡ ᠪᠦᠲᠦᠭᠡᠯ ᠤᠨ ᠲᠤᠬᠠᠢ ᠥᠩᠭᠡᠷᠡᠭᠰᠡᠨ 5 ᠵᠢᠯ ᠤᠨ ᠠᠵᠢᠯ ᠪᠣᠯᠣᠨ ᠰᠢᠨ᠎ᠡ ᠴᠠᠭ ᠦᠶ᠎ᠡ ᠶᠢᠨ 10 ᠵᠢᠯ ᠤᠨ ᠠᠭᠤᠤ ᠶᠡᠭᠡ ᠬᠤᠪᠢᠰᠤᠯᠲᠠ ᠶᠢᠨ ᠲᠤᠬᠠᠢ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠵᠡᠷᠭᠡ 7 ᠲᠠᠯ᠎ᠠ ᠪᠠᠷ᠂ ᠣᠶᠢᠯᠠᠭᠠᠮᠵᠢᠲᠠᠢ ᠦᠭᠡ ᠬᠡᠯᠡ᠂ ᠠᠮᠢᠳᠤᠯᠢᠭ ᠵᠢᠱᠢᠶ᠎ᠡ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠭᠰᠠᠨ ᠪᠥᠭᠡᠳ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠤᠨ ᠨᠠᠷᠢᠯᠢᠭᠵᠢᠭᠤᠯᠬᠤ᠂ ᠭᠦᠨᠵᠡᠭᠡᠢ ᠪᠣᠳᠠᠲᠠᠶᠢᠵᠢᠭᠤᠯᠬᠤ ᠶᠢ ᠬᠡᠷᠬᠢᠨ ᠪᠦᠬᠦ ᠬᠦᠴᠦᠨ ᠢᠶᠠᠷ ᠢᠶᠠᠨ ᠠᠬᠢᠭᠤᠯᠬᠤ ᠲᠤᠬᠠᠢ ᠭᠦᠨᠵᠡᠭᠡᠢ ᠪᠥᠭᠡᠳ ᠣᠶᠢᠯᠠᠭᠠᠮᠵᠢᠲᠠᠢ ᠵᠠᠳᠠᠯᠤᠯᠲᠠ ᠪᠠ ᠲᠠᠶᠢᠯᠪᠤᠷᠢᠯᠠᠯᠲᠠ ᠬᠢᠭᠰᠡᠨ ᠪᠠᠶᠢᠨ᠎ᠠ᠃ᠰᠢᠶᠠᠩ᠂ ᠲᠣᠰᠬᠤᠨ ᠬᠤᠶᠠᠷ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠲᠤ ᠦᠨᠡᠨᠬᠦ ᠣᠶᠢᠯᠠᠭᠠᠭᠤᠯᠵᠤ᠂ ᠴᠡᠭᠡᠵᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠦᠨᠡᠨᠬᠦ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠭᠦᠨ ᠦᠨᠳᠦᠰᠦᠯᠡᠭᠦᠯᠦᠭᠰᠡᠨ ᠪᠠᠶᠢᠨ᠎ᠠ᠃      ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠶᠢ ᠰᠣᠨᠣᠰᠬᠤ ᠪᠠᠷ ᠳᠡᠮᠵᠢᠨ᠂ ᠤᠯᠠᠨ ᠢᠶᠠᠷ ᠢᠶᠠᠨ ᠬᠤᠶᠢᠰᠢᠳᠠ ᠶᠢᠨ ᠠᠵᠢᠯ ᠳᠤᠮᠳᠠ ᠪᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠵᠤ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠬᠤ᠂ ᠵᠣᠷᠢᠭᠲᠠᠢ ᠲᠡᠮᠡᠴᠡᠵᠦ ᠵᠣᠷᠢᠭᠲᠠᠢ ᠠᠵᠢᠯᠯᠠᠬᠤ ᠡᠷᠴᠢ ᠵᠣᠷᠢᠭ ᠢ ᠪᠠᠳᠠᠷᠠᠭᠤᠯᠵᠤ᠂ ᠨᠡᠩ ᠡᠷᠡᠰ ᠰᠢᠭᠤᠷᠬᠠᠢ ᠣᠪᠣᠷ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠷ ᠠᠵᠢᠯ ᠤᠨ ᠪᠠᠶᠢᠷᠢ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠤᠯᠢᠶᠠᠰᠤᠲᠠᠢ ᠰᠢᠶᠠᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1