ᠴᠢᠩ ᠱᠦᠢ ᠾᠧ ᠰᠢᠶᠠᠨ ᠤ ᠬᠢᠨ ᠭᠤᠣᠯᠢᠩ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2023/2/14
     2 ᠳ᠋ᠤᠭᠠᠷ ᠰᠠᠷ᠎ᠠ ᠶᠢᠨ 11 ᠤ ᠡᠳᠦᠷ᠂ ᠴᠢᠩ ᠱᠦᠢ ᠾᠧ ᠰᠢᠶᠠᠨ ᠭᠤᠣᠯᠢᠩ ᠰᠢᠷᠣᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠠᠴᠠ ᠠᠵᠤ ᠦᠢᠯᠡᠳᠪᠦᠷᠢ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠤᠣᠯᠢᠩ ᠰᠢᠷᠣᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠥᠯᠦᠪᠵᠢᠭᠦᠯᠭᠡ ᠶᠢ ᠰᠣᠨᠣᠰᠤᠨ ᠬᠢᠨᠠᠨ ᠵᠥᠪᠯᠡᠵᠦ᠂ ᠭᠤᠣᠯᠢᠩ ᠰᠢᠷᠣᠢ ᠶᠢᠨ ᠠᠵᠢᠯ ᠲᠦᠷᠦᠯ ᠤᠨ  ᠬᠢᠨ ᠤ ᠠᠩᠬᠠᠷᠴᠤ ᠪᠠᠶᠢᠭ᠎ᠠ ᠨᠡᠶᠢᠲᠡᠴᠢ ᠴᠢᠨᠠᠷᠲᠠᠢ ᠠᠰᠠᠭᠤᠳᠠᠯ ᠢ ᠰᠤᠳᠤᠯᠤᠨ ᠶᠠᠷᠢᠯᠴᠠᠵᠤ᠂ ᠬᠤᠶᠢᠰᠢᠳᠠ ᠶᠢᠨ ᠮᠠᠨ ᠤ ᠰᠢᠶᠠᠨ ᠤ ᠭᠤᠣᠯᠢᠩ ᠰᠢᠷᠣᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠰᠤᠳᠤᠯᠤᠨ ᠪᠠᠶᠢᠷᠢᠯᠠᠭᠤᠯᠵᠤ᠂ ᠨᠡᠭᠦᠷᠡᠰᠦᠨ ᠴᠢᠯᠠᠭᠤ ᠵᠡᠷᠭᠡ ᠬᠠᠲᠠᠭᠤ ᠲᠥᠯᠥᠪᠲᠦ ᠬᠠᠶᠠᠭᠳᠠᠮᠠᠯ ᠪᠣᠳᠠᠰ ᠤᠨ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ᠂ ᠰᠢᠨ᠎ᠡ ᠬᠡᠯᠪᠡᠷᠢ ᠶᠢᠨ ᠮᠠᠲ᠋ᠧᠷᠢᠶᠠᠯ ᠤᠨ ᠬᠡᠷᠡᠭᠯᠡᠭᠡᠨ ᠤ ᠬᠦᠷᠢᠶ᠎ᠡ ᠶᠢ ᠥᠷᠭᠡᠳᠬᠡᠬᠦ ᠳᠤ ᠰᠢᠨ᠎ᠡ ᠰᠡᠳᠬᠢᠮᠵᠢ ᠬᠠᠩᠭᠠᠪᠠ᠃ᠴᠢᠩ ᠱᠦᠢ ᠾᠧ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠳ᠋ᠦ᠋ ᠬᠦᠢ ᠵᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
     ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠩ ᠱᠦᠢ ᠾᠧ ᠰᠢᠶᠠᠨ ᠤ ᠭᠤᠣᠯᠢᠩ ᠰᠢᠷᠣᠢ ᠶᠢᠨ ᠠᠵᠤ ᠦᠢᠯᠡᠰ ᠤᠨ ᠦᠢᠯᠡᠳᠪᠦᠷᠢᠯᠡᠯ ᠤᠨ ᠬᠡᠪᠴᠢᠶᠡᠵᠢᠯ ᠨᠢ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ ᠣᠷᠣᠨ ᠪᠠᠶᠢᠷᠢ ᠶᠢᠨ ᠳᠠᠪᠠᠭᠤᠯᠢᠭ ᠲᠣᠪᠣᠶᠢᠮ᠎ᠠ ᠪᠠᠶᠢᠵᠤ᠂ ᠰᠢᠶᠠᠨ ᠤ ᠠᠵᠤ ᠦᠢᠯᠡᠰ ᠤᠨ ᠬᠦᠷᠢᠶᠡᠯᠡᠩ ᠤᠨ ᠤᠯᠤᠰ ᠤᠨ ᠲᠡᠰ ᠤᠨ︽ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠲᠣᠭᠤᠷᠢᠭ︾ ᠢ ᠭᠤᠶᠤᠴᠢᠯᠠᠨ ᠮᠡᠳᠡᠭᠦᠯᠬᠦ ᠳᠤ ᠰᠠᠶᠢᠨ ᠰᠠᠭᠤᠷᠢ ᠲᠠᠯᠪᠢᠵᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠬᠠᠷᠢᠯᠴᠠᠨ ᠬᠠᠮᠵᠢᠯᠴᠠᠵᠤ᠂ ᠬᠤᠣᠰ ᠴᠢᠭᠯᠡᠯ ᠢᠶᠠᠷ ᠬᠦᠴᠦᠯᠡᠵᠦ᠂︽ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠲᠣᠭᠤᠷᠢᠭ︾ ᠢ ᠭᠤᠶᠤᠴᠢᠯᠠᠨ ᠮᠡᠳᠡᠭᠦᠯᠬᠦ ᠪᠠ ᠡᠭᠦᠳᠦᠨ ᠪᠠᠶᠢᠭᠤᠯᠬᠤ ᠠᠵᠢᠯ ᠢ ᠬᠠᠮᠲᠤᠪᠠᠷ ᠠᠬᠢᠭᠤᠯᠵᠤ᠂ ᠮᠠᠨ ᠤ ᠰᠢᠶᠠᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠪᠠ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ ᠡᠬᠢ ᠪᠠᠶᠠᠯᠢᠭ ᠤᠨ ᠨᠥᠬᠦᠴᠡᠯ ᠲᠠᠢ ᠭᠦᠢᠴᠡᠳ ᠤᠶᠠᠯᠳᠤᠭᠤᠯᠵᠤ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠠᠵᠢᠯ ᠤᠨ ᠠᠷᠭ᠎ᠠ ᠵᠠᠮ ᠢ ᠲᠣᠭᠲᠠᠭᠠᠵᠤ᠂ ᠭᠤᠸ ᠯᠢᠩ ᠰᠢᠷᠣᠢ ᠶᠢᠨ ᠠᠵᠤ ᠦᠢᠯᠡᠰ ᠤᠨ ᠣᠳᠣᠬᠢᠴᠢᠯᠠᠭᠰᠠᠨ ᠬᠥᠭᠵᠢᠯᠲᠡ ᠶᠢ ᠵᠢᠯᠣᠭᠤᠳᠤᠨ ᠠᠬᠢᠭᠤᠯᠬᠤ ᠬᠡᠷᠡᠭᠲᠡᠢ᠃ᠣᠳᠣᠬᠠᠨ ᠤ ᠪᠠᠶᠢᠳᠠᠯ ᠳᠠᠭᠠᠨ ᠰᠠᠭᠤᠷᠢᠯᠠᠨ᠂ ᠠᠯᠤᠰ ᠬᠤᠯᠠ ᠶᠢ ᠪᠣᠳᠣᠯᠬᠢᠯᠠᠵᠤ᠂ ᠪᠣᠬᠢᠷᠳᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠣᠷᠣᠭᠤᠯᠤᠯᠲᠠ ᠭᠠᠷᠭᠠᠯᠲᠠ ᠶᠢᠨ ᠦᠷ᠎ᠡ ᠠᠰᠢᠭ ᠢ ᠶᠡᠷᠦᠩᠬᠡᠶᠢᠯᠡᠨ ᠪᠣᠳᠣᠯᠬᠢᠯᠠᠵᠤ᠂ ᠵᠦᠢ ᠵᠣᠬᠢᠰᠲᠠᠢ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ ᠲᠥᠰᠥᠯ ᠪᠠ ᠮᠡᠷᠭᠡᠵᠢᠯ ᠤᠨ ᠠᠷᠭ᠎ᠠ ᠬᠡᠮᠵᠢᠶ᠎ᠡ ᠶᠢ ᠰᠣᠩᠭᠤᠵᠤ᠂ ᠰᠣᠬᠤᠷ ᠪᠠᠯᠠᠢ ᠪᠠᠷ ᠥᠨᠳᠥᠷ ᠣᠷᠣᠭᠤᠯᠤᠯᠲᠠ ᠬᠢᠬᠦ ᠠᠴᠠ ᠵᠠᠶᠢᠯᠠᠰᠬᠢᠵᠦ᠂ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ᠰᠢᠨ᠎ᠡ ᠶᠢ ᠡᠭᠦᠳᠬᠦ ᠬᠥᠭᠵᠢᠯᠲᠡ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠬᠠᠨᠳᠤᠭᠤᠯᠤᠨ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠶᠢ ᠲᠦᠷᠭᠡᠳᠬᠡᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠬᠥᠭᠵᠢᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠬᠦ ᠬᠡᠷᠡᠭᠲᠡᠢ᠃ᠴᠢᠩ ᠱᠦᠢ ᠾᠧ ᠰᠢᠶᠠᠨ ᠤ ᠠᠵᠤ ᠦᠢᠯᠡᠰ ᠤᠨ ᠬᠦᠷᠢᠶᠡᠯᠡᠩ ᠢ ᠪᠥᠬᠦ ᠣᠷᠣᠨ ᠤ ᠭᠤᠣᠯᠢᠩ ᠰᠢᠷᠣᠢ ᠶᠢᠨ ᠠᠵᠤ ᠦᠢᠯᠡᠰ ᠤᠨ ᠲᠥᠪᠯᠡᠷᠡᠭᠰᠡᠨ ᠣᠷᠣᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠣᠷᠣᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠡᠢ᠃
     ᠰᠢᠶᠠᠨ ᠤ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠪᠦᠬᠦ ᠰᠢᠶᠠᠨ ᠤ ᠭᠤᠣᠯᠢᠩ ᠰᠢᠷᠣᠢ ᠶᠢᠨ ᠠᠵᠤ ᠦᠢᠯᠡᠰ ᠤᠨ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1