ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠰᠠᠷᠭᠠᠢ︶ 2022 ᠣᠨ ᠳᠤ᠂ | ᠬᠦᠬᠡᠬᠤᠳᠡ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 230.87 ᠳ᠋ᠦᠩᠰᠢᠭᠤᠷ | ᠲᠥᠭᠦᠷᠢᠭ ᠲᠤ ᠬᠦᠷᠴᠤ᠂ 2021 ᠤᠨ ᠤ ᠬᠢ ᠠᠴᠠ 0.85% ᠪᠠᠷ ᠨᠡᠮᠡᠭᠳᠡᠵᠦ᠂ ᠣᠷᠣᠯᠭ᠎ᠠ ᠶᠢᠨ ᠶᠡᠷᠦᠩᠬᠡᠢ | ᠬᠡᠮᠵᠢᠶ᠎ᠡ ᠨᠢ ᠪᠦᠬᠦ ᠣᠷᠣᠨ ᠳᠤ ᠬᠤᠶᠠᠳᠤᠭᠠᠷ ᠲᠤ ᠵᠢᠬᠰᠠᠭᠠᠭᠳᠠᠪᠠ᠃ | ᠣᠶᠢᠯᠠᠭᠠᠭᠰᠠᠨ ᠢᠶᠠᠷ᠂ 2022 ᠣᠨ ᠳᠤ᠂ ᠬᠦᠬᠡᠬᠤᠳᠡ ᠶᠢᠨ ᠡᠳ᠋ ᠤᠨ ᠵᠠᠰᠠᠭ ᠠᠵᠤ ᠠᠬᠤᠢ ᠶᠢ | ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠠᠯ᠎ᠠ ᠪᠠᠷ ᠢᠳᠡᠪᠬᠢᠲᠡᠢ ᠴᠢᠷᠮᠠᠶᠢᠯᠭ᠎ᠠ | ᠭᠠᠷᠭᠠᠪᠠ᠃ ᠠᠷᠠᠳ ᠤᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠬᠤ ᠣᠶᠢᠯᠠᠭᠠᠭᠳᠠᠬᠤᠨ ᠢ ᠨᠠᠷᠢᠨ ᠬᠢᠨᠠᠮᠠᠭᠠᠢ | ᠦᠢᠯᠡᠳᠦᠯᠭᠡᠵᠢᠭᠦᠯᠵᠦ᠂ ᠪᠦᠬᠦ ᠬᠤᠲᠠ ᠶᠢᠨ ᠠᠷᠠᠳ ᠤᠨ ᠠᠮᠢᠳᠤᠷᠠᠯ ᠤᠨ ᠵᠠᠷᠤᠯᠭ᠎ᠠ 338.81 ᠳ᠋ᠦᠩᠰᠢᠭᠤᠷ | ᠲᠥᠭᠦᠷᠢᠭ ᠲᠤ ᠬᠦᠷᠴᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 80.51% ᠶᠢ ᠡᠵᠡᠯᠡᠪᠡ | ᠃ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ ᠪᠠ ᠠᠵᠢᠯ ᠣᠯᠭᠤᠯᠲᠠ᠂ ᠡᠷᠡᠭᠦᠯ ᠬᠠᠮᠠᠭᠠᠯᠠᠯ ᠡᠷᠡᠭᠦᠯ ᠮᠡᠨᠳᠦ | ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠠᠷᠤᠯᠭ᠎ᠠ ᠶᠡᠭᠡ ᠬᠡᠮᠵᠢᠶ᠎ᠡ ᠪᠠᠷ ᠨᠡᠮᠡᠭᠳᠡᠵᠦ᠂ ᠨᠡᠩ ᠣᠯᠠᠨ | ᠡᠳ᠋ ᠤᠨ ᠵᠠᠰᠠᠭ ᠤᠨ ᠪᠡᠯᠡ ᠮᠥᠩᠭᠦ ᠶᠢ ᠠᠷᠠᠳ ᠤᠨ ᠠᠮᠢᠳᠤᠷᠠᠯ ᠳᠤ ᠰᠢᠭᠤᠳ ᠬᠦᠷᠭᠡᠪᠡ᠃ ᠪᠦᠬᠦ ᠬᠤᠲᠠ ᠶᠢᠨ | ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠣᠷᠣᠯᠭ᠎ᠠ 55.36 ᠳ᠋ᠦᠩᠰᠢᠭᠤᠷ ᠲᠥᠭᠦᠷᠢᠭ ᠲᠤ | ᠬᠦᠷᠴᠤ᠂ ᠵᠠᠷᠤᠯᠭ᠎ᠠ 78.01 ᠳ᠋ᠦᠩᠰᠢᠭᠤᠷ ᠲᠥᠭᠦᠷᠢᠭ ᠲᠤ ᠬᠦᠷᠪᠡ᠃ ᠪᠦᠬᠦ ᠬᠤᠲᠠ ᠶᠢᠨ ᠤᠯᠤᠰ ᠤᠨ | ᠥᠮᠴᠢᠯᠡᠯ ᠤᠨ ᠬᠥᠷᠥᠩᠭᠡ ᠶᠢᠨ ᠡᠵᠡᠩᠨᠡᠯᠲᠡ ᠶᠢᠨ ᠣᠷᠣᠯᠭ᠎ᠠ 8296 ᠲᠦᠮᠡᠨ ᠲᠥᠭᠦᠷᠢᠭ ᠲᠤ ᠬᠦᠷᠴᠤ᠂ | ᠵᠠᠷᠤᠯᠭ᠎ᠠ 566 ᠲᠦᠮᠡᠨ ᠲᠥᠭᠦᠷᠢᠭ ᠲᠤ ᠬᠦᠷᠪᠡ᠃ ᠪᠦᠬᠦ ᠬᠤᠲᠠ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ | ᠮᠥᠩᠭᠦ ᠶᠢᠨ ᠣᠷᠣᠯᠭ᠎ᠠ 102.92 ᠳ᠋ᠦᠩᠰᠢᠭᠤᠷ ᠲᠥᠭᠦᠷᠢᠭ ᠲᠤ ᠬᠦᠷᠴᠦ᠂ ᠵᠠᠷᠤᠯᠭ᠎ᠠ 92.1 ᠳ᠋ᠦᠩᠰᠢᠭᠤᠷ | ᠲᠥᠭᠦᠷᠢᠭ ᠲᠤ ᠬᠦᠷᠴᠡᠢ᠃ | ᠡᠨᠡ ᠵᠢᠯ᠂ ᠬᠦᠬᠡᠬᠤᠳᠡ ᠶᠢᠨ ᠡᠳ᠋ ᠤᠨ ᠵᠠᠰᠠᠭ ᠣᠷᠣᠯᠭ᠎ᠠ ᠶᠢᠨ ᠶᠡᠷᠦᠩᠬᠡᠶ ᠬᠡᠮᠵᠢᠶ᠎ᠡ ᠶᠢ ᠶᠡᠬᠡᠰᠭᠡᠬᠦ᠂ | ᠪᠠᠶᠢᠭᠤᠯᠤᠯᠲᠠ ᠪᠠᠨ ᠴᠢᠩᠭᠠᠳᠬᠠᠬᠤ ᠬᠤᠶᠠᠷ ᠲᠠᠯ᠎ᠠ ᠠᠴᠠ ᠭᠠᠷᠳᠠᠵᠤ᠂ ᠠᠵᠢᠯᠯᠠᠭᠠᠨ ᠢ ᠲᠣᠭᠲᠠᠪᠤᠷᠢᠵᠢᠭᠤᠯᠤᠨ᠂ | ᠬᠥᠭᠵᠢᠯᠲᠡ ᠶᠢ ᠠᠬᠢᠭᠤᠯᠵᠤ᠂ ᠰᠢᠨ᠎ᠡ ᠪᠠᠶᠢᠳᠠᠯ ᠢ ᠨᠡᠭᠡᠭᠡᠵᠦ᠂ ᠣᠷᠣᠨ ᠤ ᠲᠥᠪ ᠤᠨ ᠴᠢᠨᠠᠷ ᠰᠠᠶᠢᠲᠠᠢ | ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠪᠠᠳᠤᠯᠠᠵᠤ ᠪᠠᠶᠢᠨ᠎ᠠ᠃ ᠬᠦᠬᠡᠬᠤᠳᠡ ᠶᠢᠨ ᠡᠳ᠋ ᠤᠨ ᠵᠠᠰᠠᠭ ᠤᠨ | ᠣᠷᠣᠯᠭ᠎ᠠ ᠶᠢᠨ ᠭᠠᠶᠢᠯᠢ ᠲᠠᠳᠠᠪᠤᠷᠢᠯᠠᠬᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠶᠡᠷᠦᠩᠬᠡᠶ ᠬᠡᠯᠲᠡᠰ ᠤᠨ | ᠠᠵᠤ ᠠᠬᠤᠶ ᠶᠢᠨ ᠭᠠᠶᠢᠯᠢ ᠲᠠᠲᠠᠪᠤᠷᠢ ᠶᠢᠨ ᠦᠯᠡᠳᠡᠭᠡᠨ ᠬᠡᠷᠡᠭᠯᠡᠬᠦ ᠬᠠᠷᠢᠴᠠᠯ ᠢ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠭᠠᠵᠠᠷ ᠰᠢᠷᠣᠢ ᠶᠢ ᠰᠢᠯᠵᠢᠭᠦᠯᠦᠨ ᠥᠭᠬᠦ ᠡᠷᠴᠢᠮ ᠢᠶᠠᠨ ᠴᠢᠩᠭᠠᠷᠠᠭᠤᠯᠵᠤ᠂ ᠳᠡᠭᠡᠳᠦ ᠱᠠᠲᠤᠨ ᠤ | ᠪᠠᠯᠠ ᠮᠥᠩᠭᠦ ᠶᠢ ᠢᠳᠡᠪᠬᠢᠲᠡᠶ ᠴᠢᠷᠮᠠᠶᠢᠨ ᠣᠯᠵᠤ᠂ ᠰᠠᠭᠤᠷᠢ ᠮᠥᠩᠭᠦ ᠶᠢᠨ ᠣᠷᠣᠭᠤᠯᠤᠯᠲᠠ ᠶᠢ ᠲᠦᠷᠭᠡᠳᠭᠡᠨ | ᠠᠬᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠡᠮᠵᠢᠵᠦ ᠪᠠᠶᠢᠨ᠎ᠠ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶ ᠠᠬᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠰᠡᠳᠭᠢᠬᠦᠶ ᠶᠢ ᠴᠢᠩᠭᠠᠳᠬᠠᠵᠤ᠂ ᠲᠥᠰᠦᠪ ᠤᠨ | ᠬᠡᠷᠡᠭᠵᠢᠭᠦᠯᠦᠯᠲᠡ ᠶᠢᠨ ᠬᠠᠮᠢᠶᠠᠷᠤᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠤᠯᠤᠰ ᠤᠨ ᠥᠮᠴᠢᠯᠡᠯ ᠤᠨ ᠡᠳ᠋ | ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠳ᠋ ᠤᠨ ᠵᠠᠰᠠᠭ ᠤᠨ ᠪᠠᠶᠢᠭᠤᠯᠤᠯ ᠤᠨ | ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠲᠣᠰ ᠱᠠᠲᠤᠨ ᠤ ᠬᠤᠰᠢᠭᠤ ᠰᠢᠶᠠᠨ | ᠲᠣᠭᠤᠷᠢᠭ ᠤᠨ ᠠᠵᠢᠯ ᠬᠢᠬᠦ ᠡᠷᠬᠡ ᠲᠤᠰᠢᠶᠠᠯ ᠪᠠ ᠵᠠᠷᠤᠯᠭ᠎ᠠ ᠶᠢᠨ ᠬᠠᠷᠢᠭᠤᠴᠠᠯᠭ᠎ᠠ ᠯᠤᠭ᠎ᠠ ᠬᠠᠷᠢᠯᠴᠠᠨ | ᠵᠤᠬᠢᠴᠠᠯᠳᠤᠭᠰᠠᠨ ᠬᠤᠪᠢᠶᠠᠨ ᠡᠭᠦᠷᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠣᠷᠣᠨ ᠤ | ᠲᠥᠪ ᠢᠶᠠᠨ ᠬᠦᠴᠦᠷᠬᠡᠭᠵᠢᠭᠦᠯᠬᠦ︾ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠳᠤ ᠨᠡᠩ | ᠪᠠᠲᠤ ᠪᠠᠬᠢ ᠡᠳ᠋ ᠤᠨ ᠵᠠᠰᠠᠭ ᠤᠨ ᠲᠤᠯᠭᠠᠭᠤᠷᠢᠯᠠᠯ ᠬᠠᠩᠭᠠᠵᠤ ᠪᠤᠢ᠃ |