2 ᠳ᠋ᠤᠭᠠᠷ ᠰᠠᠷ᠎ᠠ ᠶᠢᠨ 14 ᠤ ᠡᠳᠦᠷ᠂ ᠤᠯᠤᠰ ᠤᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ | ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠵᠦᠢᠯᠡᠰ ᠤᠨ | ᠠᠮᠵᠢᠯᠲᠠ ᠪᠦᠲᠦᠮᠵᠢ ᠶᠢ ᠦᠨᠡᠯᠡᠬᠦ ᠳᠤᠭᠤᠶᠢᠯᠠᠩ ᠤᠨ ᠳᠠᠷᠤᠭ᠎ᠠ ᠳ᠋ᠦᠩ ᠶᠢᠨ ᠬᠤᠸᠠ ᠨᠠᠷ ᠴᠢᠩ ᠱᠦᠢ ᠾᠧ | ᠰᠢᠶᠠᠨ ᠳᠤ ᠬᠦᠷᠴᠦ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠵᠦᠢᠯᠡᠰ ᠢ ᠰᠢᠯᠭᠠᠨ ᠠᠪᠬᠤ ᠪᠠ ᠠᠮᠵᠢᠯᠲᠠ ᠪᠦᠲᠦᠮᠵᠢ ᠶᠢ ᠦᠨᠡᠯᠡᠵᠦ ᠬᠢᠨᠠᠨ ᠰᠢᠯᠭᠠᠬᠤ ᠠᠵᠢᠯ | ᠥᠷᠨᠢᠭᠦᠯᠪᠡ᠃ | | | | | ᠬᠤᠲᠠ ᠶᠢᠨ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠸᠠᠩ ᡁᠢ ᠴᠢᠶᠠᠩ ᠬᠤᠷᠠᠯ ᠡᠷᠭᠢᠯᠡᠭᠰᠡᠨ ᠪᠥᠭᠡᠳ ᠶᠠᠷᠢᠶ᠎ᠠ | ᠲᠠᠯᠪᠢᠵᠠᠢ᠃ | ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ | ᠲᠥᠯᠦᠪᠵᠢᠭᠦᠯᠭᠡ ᠶᠢᠨ ᠡᠳ᠋ ᠤᠨ ᠶᠠᠪᠤᠳᠠᠯ ᠤᠨ ᠭᠠᠵᠠᠷ ᠤᠨ ᠳᠠᠷᠤᠭ᠎ᠠ ᠯᠥᠸᠧ ᠬᠤᠩ ᠸᠧᠨ᠂ ᠴᠢᠩ ᠱᠦᠢ ᠾᠧ | ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ᠂ | ᠵᠠᠰᠠᠭ ᠤᠨ ᠣᠷᠳᠣᠨ ᠤ ᠳᠡᠳ᠋ ᠳᠠᠷᠤᠭ᠎ᠠ ᠪᠠᠢ ᠬᠠᠢ ᠯᠢᠨ ᠬᠤᠷᠠᠯ ᠳᠤ ᠣᠷᠣᠯᠴᠠᠪᠠ᠃ᠬᠤᠷᠠᠯ ᠳᠡᠭᠡᠷ᠎ᠡ᠂ ᠴᠧᠨ | ᠬᠤᠷᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ ᠶᠢᠨ ᠴᠢᠩ ᠱᠦᠢ ᠾᠧ ᠰᠢᠶᠠᠨ ᠤ | ᠬᠡᠰᠡᠭ ᠤᠨ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠤ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ︾ ᠢ ᠠᠬᠢᠭᠤᠯᠤᠭᠰᠠᠨ | ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠪᠡ᠃ | ᠬᠢᠨᠠᠨ ᠰᠢᠯᠭᠠᠬᠤ ᠳᠤᠭᠤᠶᠢᠯᠠᠩ ᠤᠨ ᠬᠢᠨ ᠴᠢᠩ ᠱᠦᠢ ᠾᠧ ᠰᠢᠶᠠᠨ ᠤ ᠤᠯᠤᠰ ᠤᠨ ᠭᠠᠵᠠᠷ ᠰᠢᠷᠣᠢ ᠶᠢᠨ | ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠪᠣᠯᠣᠨ ᠣᠯᠣᠭᠰᠠᠨ ᠦᠷ᠎ᠡ ᠪᠦᠲᠦᠮᠵᠢ ᠶᠢ ᠨᠤᠲᠠᠯᠠᠵᠤ ᠪᠠᠶᠢᠬᠤ ᠪᠠᠨ ᠢᠯᠡᠳᠬᠡᠵᠦ᠂ | ᠲᠦᠷᠦᠯ ᠵᠦᠢᠯ ᠤᠨ ᠠᠵᠢᠯᠯᠠᠭᠠᠨ ᠤ ᠵᠢᠷᠤᠭ ᠲᠥᠯᠥᠪᠯᠡᠭᠡ᠂ ᠲᠦᠷᠦᠯ ᠵᠦᠢᠯ ᠤᠨ ᠬᠡᠷᠡᠭᠵᠢᠭᠦᠯᠦᠯᠲᠡ᠂ ᠬᠠᠮᠢᠶ᠎ᠠ ᠪᠦᠬᠦᠢ | ᠮᠠᠲ᠋ᠧᠷᠢᠶᠠᠯ ᠢ ᠲᠡᠭᠦᠯᠳᠡᠷᠵᠢᠭᠦᠯᠦᠨ ᠬᠠᠮᠢᠶᠠᠷᠬᠤ ᠵᠡᠷᠭᠡ ᠤᠯᠠᠨ ᠲᠠᠯ᠎ᠠ ᠪᠠᠷ ᠵᠢᠯᠣᠭᠤᠳᠤᠯᠭ᠎ᠠ ᠶᠢᠨ ᠴᠢᠨᠠᠷᠲᠠᠢ ᠰᠠᠨᠠᠯ | ᠰᠠᠨᠠᠭᠤᠯᠭ᠎ᠠ ᠳᠤᠷᠠᠳᠴᠠᠢ᠃ᠡᠭᠦᠨ ᠤ ᠬᠠᠮᠲᠤ᠂ ᠲᠥᠷᠥᠯ ᠵᠦᠢᠯ ᠤᠨ ᠱᠠᠭᠠᠷᠳᠠᠯᠭ᠎ᠠ ᠪᠠ ᠮᠡᠷᠭᠡᠵᠢᠯ ᠤᠨ ᠵᠢᠷᠤᠮᠵᠢᠯ ᠢ | ᠴᠢᠩᠭ᠎ᠠ ᠵᠢᠷᠤᠮᠯᠠᠨ ᠤᠯᠤᠰ ᠤᠨ ᠭᠠᠵᠠᠷ ᠰᠢᠷᠣᠢ ᠶᠢᠨ ᠨᠣᠭᠤᠭᠠᠷᠠᠭᠤᠯᠤᠯᠲᠠ ᠶᠢᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠥᠷᠥᠯ ᠵᠦᠢᠯ ᠤᠨ ᠪᠡᠯᠡ | ᠮᠥᠩᠭᠦ ᠶᠢᠨ ᠬᠠᠮᠢᠶᠠᠷᠤᠯᠲᠠ ᠪᠠ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭ᠎ᠠ ᠨᠠᠶᠢᠳᠠᠪᠤᠷᠢᠵᠢᠭᠤᠯᠤᠨ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ | ᠲᠥᠷᠥᠯ ᠵᠦᠢᠯ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ︔ᠲᠤᠷᠰᠢᠯᠭ᠎ᠠ ᠪᠠᠨ ᠰᠠᠶᠢᠲᠤᠷ ᠳ᠋ᠦᠩᠨᠡᠵᠦ᠂ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠵᠦ᠂ ᠲᠤᠷᠰᠢᠯᠲᠠ ᠶᠢᠨ ᠴᠢᠭ᠋ ᠤᠨ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠦᠨᠡᠨᠬᠦ ᠰᠠᠶᠢᠲᠤᠷ ᠪᠠᠳᠠᠷᠠᠭᠤᠯᠵᠤ᠂ ᠣᠷᠣᠨ ᠪᠦᠰᠡ ᠶᠢᠨ | ᠴᠢᠨᠠᠷᠲᠠᠢ ᠬᠡᠷᠡᠭᠵᠢᠭᠦᠯᠵᠦ ᠪᠣᠯᠬᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠤᠯᠤᠰ ᠤᠨ ᠭᠠᠵᠠᠷ | ᠰᠢᠷᠣᠢ ᠶᠢᠨ ᠨᠣᠭᠤᠭᠠᠷᠠᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠰᠦᠪᠡᠭᠴᠢᠯᠡᠨ ᠪᠣᠶ | ᠪᠣᠯᠭᠠᠬᠤ ᠬᠡᠷᠡᠭᠲᠡᠢ ᠭᠡᠵᠡᠢ᠃ | ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ᠂ ᠣᠶ ᠰᠢᠭᠤᠢ ᠡᠪᠡᠰᠦ | ᠪᠡᠯᠴᠢᠭᠡᠷ ᠤᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ |