ᠴᠢᠩ ᠱᠦᠢ ᠾᠧ ᠰᠢᠶᠠᠨ᠄ ᠠᠵᠤ ᠠᠬᠤᠶᠢᠯᠠᠯ ᠤᠨ ᠪᠠᠶᠢᠳᠠᠯ ᠢ ᠪᠠᠶᠢᠴᠠᠭᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ ᠬᠥᠭᠵᠢᠯᠲᠡ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2023/2/17
     2 ᠳ᠋ᠤᠭᠠᠷ ᠰᠠᠷ᠎ᠠ ᠶᠢᠨ 16  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠴᠢᠩ ᠱᠦᠢ ᠾᠧ ᠰᠢᠶᠠᠨ ᠤ 2023 ᠣᠨ ᠤ ᠬᠤᠶᠠᠳᠤᠭᠠᠷ ᠤᠳᠠᠭ᠎ᠠ ᠶᠢᠨ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠᠨ ᠭᠤᠷᠪᠠᠨ ᠠᠶᠢᠯ ᠬᠡᠪᠴᠢᠶᠡᠵᠢᠯ ᠠᠴᠠ ᠳᠡᠭᠡᠭᠰᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ 2022 ᠣᠨ ᠤ ᠠᠵᠤ ᠠᠬᠤᠶᠢᠯᠠᠯ ᠤᠨ ᠦᠢᠯᠡᠳᠬᠦᠨ ᠤ ᠦᠷᠳᠡᠭ ᠠᠰᠢᠭ ᠬᠤᠨᠵᠢᠪᠤᠷᠢ ᠪᠣᠯᠣᠨ ᠭᠠᠶᠢᠯᠢ ᠲᠤᠰᠢᠶᠠᠭᠰᠠᠨ ᠪᠠᠶᠢᠳᠠᠯ᠂ 2023 ᠣᠨ ᠤ ᠠᠵᠢᠯ ᠤᠨ ᠲᠥᠯᠦᠪᠵᠢᠭᠦᠯᠭᠡ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠬᠠᠷᠢᠭᠤ ᠮᠡᠳᠡᠭᠦᠯᠦᠯᠲᠡ ᠬᠢᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠠᠵᠤ ᠠᠬᠤᠶᠢᠯᠠᠯ ᠤᠨ ᠬᠢᠨ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠤᠰ ᠪᠡᠶ᠎ᠡ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠬᠥᠭᠵᠢᠯᠲᠡ ᠶᠢᠨ ᠳᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ᠂ ᠳᠣᠲᠣᠭᠠᠳᠤ ᠳᠠᠭᠠᠨ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠳᠬᠦᠨ ᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠵᠦ᠂ ᠭᠠᠳᠠᠭᠰᠢ ᠵᠠᠬ᠎ᠠ ᠳᠡᠯᠭᠡᠭᠦᠷ ᠲᠤ ᠣᠷᠣᠵᠤ᠂ ᠵᠠᠬᠢᠶᠠᠯᠠᠭ᠎ᠠ ᠠᠪᠴᠤ᠂ ᠪᠣᠷᠤᠯᠠᠭᠤᠯᠭ᠎ᠠ ᠶᠢ ᠠᠬᠢᠭᠤᠯᠵᠤ᠂ ᠪᠣᠷᠤᠯᠠᠭᠤᠯᠭ᠎ᠠ ᠶᠢᠨ ᠵᠠᠭᠪᠤᠷ ᠢ ᠨᠡᠭᠡᠭᠡᠬᠦ ᠬᠡᠷᠡᠭᠲᠡᠢ︔ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠮᠠᠭᠠᠯᠠᠬᠤ ᠶᠢ ᠴᠢᠬᠤᠯᠠᠴᠢᠯᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠦᠢᠯᠡᠴᠢᠯᠡᠭᠡᠨ ᠤ ᠲᠠᠪᠴᠠᠩ ᠢ ᠲᠡᠭᠦᠯᠳᠡᠷᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠠᠵᠤ ᠠᠬᠤᠶᠢᠯᠠᠯ ᠤᠨ ᠲᠦᠷᠭᠡᠨ ᠦᠰᠦᠨ ᠪᠣᠶᠢᠵᠢᠬᠤ᠂ ᠬᠤᠯᠠ ᠶᠠᠪᠤᠬᠤ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠯᠢ ᠵᠢᠶᠦ᠋ᠨ᠂ ᠴᠢᠶᠣᠤ ᠱᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1