ᠪᠦᠬᠦ ᠬᠤᠲᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/17
     ︵ᠰᠤᠷᠪᠤᠯᠵᠢᠯᠠᠭᠴᠢ ᠯᠢᠦᠢ ᠬᠤᠢ ᠱᠧᠩ︶ 2 ᠳ᠋ᠤᠭᠠᠷ ᠰᠠᠷ᠎ᠠ ᠶᠢᠨ 16 ᠤ ᠦᠳᠡ ᠶᠢᠨ ᠡᠮᠦᠨ᠎ᠡ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠤᠬᠠᠭᠤᠯᠬᠤ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ  ᠰᠤᠷᠤᠯᠴᠠᠵᠤ᠂ ᠠᠵᠢᠯ ᠢᠶᠠᠨ ᠳ᠋ᠦᠩᠨᠡᠵᠦ᠂ ᠪᠠᠶᠢᠳᠠᠯ ᠢ ᠵᠠᠳᠠᠯᠵᠤ᠂ ᠡᠨᠡ ᠵᠢᠯ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠬᠢᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠭᠤᠣᠯ ᠠᠵᠢᠯ ᠳᠤ ᠠᠩᠬᠠᠷᠤᠯ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠦᠴᠦᠨ ᠢᠶᠠᠨ ᠲᠥᠪᠯᠡᠷᠡᠭᠦᠯᠦᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠹᠷᠣᠨᠲ ᠤᠨ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠬᠦ ᠤᠨᠤᠯ ᠤᠨ ︽ᠰᠦᠭ ᠰᠦᠨᠡᠰᠦ ᠶᠢ ᠱᠤᠭᠤᠬᠤ︾ ᠠᠵᠢᠯᠯᠠᠭ᠎ᠠ᠂ ᠭᠤᠣᠯᠯᠠᠭᠴᠢ ᠶᠠᠷᠢᠶ᠎ᠠ ᠬᠡᠯᠡᠯᠴᠡᠭᠡᠨ ᠤ ︽ᠬᠦᠴᠦᠷᠬᠡᠭ ᠳᠠᠭᠤᠨ︾ ᠠᠵᠢᠯᠯᠠᠭ᠎ᠠ᠂ ᠬᠤᠳᠠ ᠶᠢᠨ ᠰᠣᠶᠣᠯ ᠤᠨ ᠴᠢᠳᠠᠪᠤᠷᠢ ᠶᠢᠨ ᠳᠡᠰ ᠢ ︽ᠳᠡᠭᠡᠭᠰᠢᠯᠡᠭᠦᠯᠬᠦ︾ ᠠᠵᠢᠯᠯᠠᠭ᠎ᠠ᠂ ᠬᠤᠳᠠ ᠶᠢᠨ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠤᠨ ︽ᠰᠠᠭᠤᠷᠢ ᠶᠢ ᠳᠠᠭᠰᠢᠷᠠᠭᠤᠯᠬᠤ︾ ᠠᠵᠢᠯᠯᠠᠭ᠎ᠠ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ︽ᠰᠢᠪᠲᠤᠯᠤᠯᠲᠠ︾ ᠶᠢᠨ ᠠᠵᠢᠯᠯᠠᠭ᠎ᠠ᠂ ᠦᠵᠡᠯ ᠤᠬᠠᠮᠰᠠᠷ ᠤᠨ ᠬᠡᠯᠪᠡᠷᠢ ᠶᠢᠨ ᠠᠶᠤᠯᠭᠦᠢ ᠶᠢᠨ ︽ᠦᠨᠳᠦᠰᠦ ᠶᠢ ᠪᠠᠬᠢᠯᠡᠬᠦ︾ ᠠᠵᠢᠯᠯᠠᠭ᠎ᠠ᠂ ᠺᠠᠳ᠋ᠷ ᠤᠨ ᠡᠩᠨᠡᠭᠡ ᠳᠤ ︽ᠴᠢᠳᠠᠪᠤᠷᠢ ᠨᠡᠮᠡᠬᠦ︾ ᠠᠵᠢᠯᠯᠠᠭ᠎ᠠ ᠶᠢ ᠬᠡᠷᠡᠭᠵᠢᠭᠦᠯᠦᠨ᠎ᠡ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠭᠤᠯᠤᠯ ᠲᠣᠭᠲᠠᠴᠠ ᠳᠤ ᠰᠢᠨ᠎ᠡ ᠶᠢ ᠡᠭᠦᠳᠴᠦ᠂  ᠳᠤᠲᠠᠭᠤᠳᠠᠯ ᠢᠶᠠᠨ ᠨᠥᠬᠦᠪᠦᠷᠢᠯᠡᠨ᠂ ᠪᠠᠭᠤᠷᠠᠢ ᠪᠠᠨ ᠰᠠᠶᠢᠵᠢᠷᠠᠭᠤᠯᠤᠨ᠂ ᠰᠠᠭᠤᠷᠢ ᠪᠠᠨ ᠪᠠᠲᠤᠳᠬᠠᠵᠤ᠂ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠠᠬᠢᠭᠤᠯᠤᠨ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠳᠠ ᠶᠢ ᠪᠦᠲᠦᠭᠡᠨ ᠪᠠᠶᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠬᠤ ᠬᠡᠷᠡᠭᠲᠡᠢ ᠭᠡᠵᠡᠢ᠃      ᠦᠳᠡ ᠶᠢᠨ ᠬᠤᠶᠢᠨ᠎ᠠ ᠪᠠᠰᠠ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠪᠣᠯᠣᠨ ᠬᠠᠮ ᠵᠠᠭᠤᠴᠢᠯᠠᠭᠤᠷ ᠤᠨ ᠲᠥᠪ ᠤᠨ ᠡᠷᠬᠢᠯᠡᠭᠴᠢ ᠶᠢᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1