ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠪᠦᠲᠦᠴᠡ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠴᠢᠩ ᠱᠦᠢ ᠾᠧ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠴᠢᠨᠠᠷ | ᠰᠠᠶᠢᠲᠠᠢ ᠪᠡᠶᠡᠯᠡᠭᠦᠯᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠬᠠᠮᠠᠭᠠᠯᠠᠵᠤ ᠨᠡᠭᠡᠭᠡᠨ ᠠᠰᠢᠭᠯᠠᠬᠤ | ︽ᠶᠡᠷᠦᠩᠬᠡᠢ ᠵᠢᠷᠤᠭ ᠲᠥᠯᠥᠪᠯᠡᠭᠡ︾ ᠶᠢ ᠰᠠᠶᠢᠲᠤᠷ ᠵᠢᠷᠤᠭᠯᠠᠬᠤ ᠶᠢᠨ ᠲᠤᠰᠠᠳᠠ᠂ 2 ᠳ᠋ᠤᠭᠠᠷ ᠰᠠᠷ᠎ᠠ ᠶᠢᠨ 19 ᠤ | ᠡᠳᠦᠷ᠂ ᠴᠢᠩ ᠱᠦᠢ ᠾᠧ ᠰᠢᠶᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ︵2021 ︱ 2035 ᠣᠨ︶ ᠶᠢᠨ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ᠃ | | | | | ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠴᠧᠨ ᠬᠤᠷᠴᠠ᠂ ᠵᠣᠣ ᠵᠢᠶᠠᠨ ᠵᠢᠶᠦ᠋ᠨ᠂ ᠴᠢᠶᠣᠤ ᠱᠧᠩ ᠵᠡᠷᠭᠡ ᠰᠢᠶᠠᠨ ᠤ ᠤᠳᠤᠷᠢᠳᠤᠯᠭ᠎ᠠ ᠬᠤᠷᠠᠯ ᠳᠤ | ᠣᠷᠣᠯᠴᠠᠵᠠᠢ᠃ | ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠳᠠᠷᠤᠭ᠎ᠠ ᠯᠢ ᠵᠢᠶᠦ᠋ᠨ ᠬᠤᠷᠠᠯ ᠡᠷᠭᠢᠯᠡᠪᠡ᠃ | ᠬᠤᠷᠠᠯ ᠳᠡᠭᠡᠷ᠎ᠡ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠠᠴᠠ ᠴᠢᠩ ᠱᠦᠢ ᠾᠧ | ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠲᠤᠬᠠᠢ ᠨᠠᠷᠢᠨ | ᠲᠣᠳᠣᠷᠬᠠᠢ ᠬᠠᠷᠢᠭᠤ ᠮᠡᠳᠡᠭᠦᠯᠦᠯᠲᠡ ᠬᠢᠵᠦ᠂ ᠬᠤᠷᠠᠯ ᠳᠤ ᠣᠷᠣᠯᠴᠠᠭᠰᠠᠳ ᠤᠯᠠᠨ ᠤ ᠤᠬᠠᠭᠠᠨ ᠬᠠᠮᠲᠤ ᠶᠢᠨ | ᠬᠦᠴᠦᠨ ᠢᠶᠠᠷ ᠰᠢᠶᠠᠨ ᠤ ᠬᠡᠪᠴᠢᠶᠡᠨ ᠤ ᠲᠤᠰ ᠪᠡᠶ᠎ᠡ ᠶᠢᠨ ᠡᠬᠢ ᠪᠠᠶᠠᠯᠢᠭ ᠪᠣᠯᠣᠨ ᠣᠳᠣᠬᠢ ᠪᠠᠶᠢᠳᠠᠯ ᠤᠨ | ᠣᠨᠴᠠᠯᠢᠭ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠱᠠᠲᠤᠨ ᠤ ᠲᠥᠯᠦᠪᠵᠢᠭᠦᠯᠭᠡ ᠶᠢᠨ | ᠬᠥᠭᠵᠢᠯᠲᠡ ᠶᠢᠨ ᠵᠢᠯᠣᠭᠤᠳᠤᠯᠭ᠎ᠠ ᠲᠠᠢ ᠤᠶᠠᠯᠳᠤᠭᠤᠯᠵᠤ᠂ ᠰᠠᠨᠠᠯ ᠰᠠᠨᠠᠭᠤᠯᠭ᠎ᠠ ᠳᠤᠷᠠᠳᠴᠤ᠂ ᠲᠥᠯᠦᠪᠵᠢᠭᠦᠯᠭᠡ ᠶᠢᠨ | ᠰᠢᠨᠵᠢᠯᠡᠬᠦ ᠤᠬᠠᠭᠠᠨᠴᠢ ᠴᠢᠨᠠᠷ᠂ ᠬᠡᠷᠡᠭᠯᠡᠭᠡᠨ ᠤ ᠴᠢᠨᠠᠷ ᠪᠣᠯᠣᠨ ᠠᠵᠢᠯᠯᠠᠭᠠᠨ ᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ | ᠲᠥᠯᠦᠪᠵᠢᠭᠦᠯᠭᠡ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠵᠡᠢ᠃ | ᠵᠠᠩ ᠺᠧ ᠯᠢᠩ᠂ ᠴᠢᠩ ᠵᠢᠭᠠᠵᠤ ᠭᠠᠷᠭᠠᠭᠰᠠᠨ ᠨᠢ᠂ ᠴᠢᠩ ᠱᠦᠢ ᠾᠧ ᠰᠢᠶᠠᠨ ᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠬᠢᠭᠡᠳ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠨᠢᠭᠡ ᠲᠣᠭᠤᠷᠢᠭ ᠨᠢᠭᠡ ᠰᠢᠶᠠᠨ ᠨᠢᠭᠡ | ᠭᠠᠵᠠᠷ︾ ᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠰᠢᠶᠠᠨ ᠤ ᠬᠠᠳᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ | ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠨᠠᠶᠢᠷᠠᠭᠤᠯᠤᠨ ᠵᠣᠬᠢᠶᠠᠬᠤ | ᠪᠠ ᠬᠡᠷᠡᠭᠵᠢᠭᠦᠯᠬᠦ ᠠᠵᠢᠯ ᠢ ᠴᠢᠨᠠᠷ ᠰᠠᠶᠢᠲᠠᠢ ᠬᠢᠵᠦ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ | ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠪᠦᠬᠦ | ᠲᠠᠯ᠎ᠠ ᠪᠠᠷ ᠳᠡᠭᠡᠭᠰᠢᠯᠡᠭᠦᠯᠬᠦ ᠳᠤ᠂ ᠬᠤᠳᠠ ᠪᠠᠯᠭᠠᠰᠤᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠢᠷᠡᠭᠡᠳᠦᠢ ᠶᠢᠨ | ᠬᠥᠭᠵᠢᠯᠲᠡ ᠶᠢᠨ ᠣᠷᠣᠨ ᠵᠠᠢ ᠶᠢ ᠭᠦᠢᠴᠡᠳ ᠦᠯᠡᠳᠡᠭᠡᠵᠦ᠂ ᠴᠢᠨᠠᠭᠰᠢᠳᠠ ︽ᠬᠤᠶᠠᠷ ᠠᠭᠤᠯᠠ ᠶᠢ ᠨᠣᠭᠤᠭᠠᠷᠠᠭᠤᠯᠵᠤ᠂ | ᠨᠢᠭᠡ ᠭᠤᠣᠯ ᠢ ᠴᠢᠮᠡᠭᠯᠡᠵᠦ᠂ ᠭᠤᠷᠪᠠᠨ ᠲᠣᠭᠤᠷᠢᠭ ᠢ ᠠᠮᠢᠳᠤᠯᠢᠭ ᠢᠶᠠᠷ ᠡᠷᠬᠢᠯᠡᠵᠦ᠂ ᠠᠭᠤᠯᠠ ᠨᠢ ᠬᠥᠬᠡᠮᠳᠦᠭ ᠤᠰᠤ | ᠨᠢ ᠲᠤᠩᠭᠠᠯᠠᠭ᠂ ᠬᠥᠬᠡ ᠨᠣᠭᠤᠭᠠᠨ ᠨᠢ ᠰᠣᠯᠪᠢᠴᠠᠯᠳᠤᠭᠰᠠᠨ᠂ ᠰᠣᠶᠣᠯ ᠢᠷᠭᠡᠨᠰᠢᠯ ᠨᠢ ᠦᠵᠡᠰᠬᠦᠯᠡᠩᠲᠦ ᠰᠠᠶᠢᠬᠠᠨ | ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠰᠢᠶᠠᠨ ᠢ ᠪᠠᠶᠢᠭᠤᠯᠬᠤ ᠬᠡᠷᠡᠭᠲᠡᠢ᠃ᠬᠠᠶᠢᠮᠢᠶᠠᠨ ᠬᠤᠳᠠ ᠶᠢᠨ | ᠣᠶᠢᠯᠠᠭᠠᠭᠳᠠᠬᠤᠨ ᠢ ᠬᠤᠳᠠ ᠶᠢᠨ ᠨᠡᠭᠡᠭᠡᠨ ᠬᠥᠭᠵᠢᠭᠦᠯᠦᠯᠲᠡ ᠪᠦᠲᠦᠭᠡᠨ ᠪᠠᠶᠢᠭᠤᠯᠤᠯᠲᠠ ᠶᠢᠨ ᠪᠦᠬᠦ ᠬᠦᠷᠢᠶᠡᠨ ᠳᠤ | ᠦᠨᠡᠨ ᠬᠦ ᠠᠭᠤᠰᠬᠠᠨ ᠣᠷᠭᠤᠭᠤᠯᠬᠤ ᠬᠡᠷᠡᠭᠲᠡᠢ᠃︽ᠨᠢᠭᠡ ᠭᠤᠣᠯᠯᠠᠬᠤ᠂ ᠨᠢᠭᠡ ᠰᠢᠯᠢᠳᠡᠭ᠂ ᠨᠢᠭᠡ ᠣᠨᠴᠠᠯᠢᠭ ᠲᠠᠢ᠂ | ᠤᠯᠠᠨ ᠲᠤᠯᠭᠠᠭᠤᠷᠢᠯᠠᠯ︾ ᠤᠨ ᠠᠵᠤ ᠦᠢᠯᠡᠰ ᠤᠨ ᠪᠠᠶᠢᠷᠢᠰᠢᠯ ᠪᠣᠯᠣᠨ ᠵᠠᠮ ᠬᠠᠷᠢᠯᠴᠠᠭᠠᠨ ᠤ ᠲᠣᠣᠷ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠯᠠᠭᠤᠯᠬᠤ ᠬᠡᠷᠡᠭᠲᠡᠢ ᠭᠡᠵᠡᠢ᠃ | | | | | ᠵᠠᠩ ᠺᠧ ᠯᠢᠩ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠨᠢᠭᠡᠴᠡ ᠶᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠢᠷᠡᠭᠡᠳᠦᠢ ᠶᠢᠨ ᠬᠥᠭᠵᠢᠯᠲᠡ ᠳᠤ ᠬᠠᠷᠢᠭᠤᠴᠠᠬᠤ ᠣᠪᠣᠷ ᠢ ᠪᠠᠷᠢᠮᠲᠠᠯᠠᠵᠤ᠂ ᠬᠤᠲᠠ᠂ | ᠰᠢᠶᠠᠨ ᠤ ᠬᠥᠭᠵᠢᠯᠲᠡ ᠶᠢᠨ ᠶᠡᠭᠡ ᠲᠠᠯ᠎ᠠ ᠠᠴᠠ ᠡᠭᠦᠰᠴᠦ᠂ ᠠᠯᠤᠰ ᠬᠡᠳᠤ ᠳᠤ ᠰᠠᠭᠤᠷᠢᠯᠠᠵᠤ᠂ ᠨᠠᠷᠢᠨ ᠬᠢᠨᠠᠮᠠᠭᠠᠢ | ᠰᠤᠳᠤᠯᠵᠤ᠂ ᠰᠢᠨᠵᠢᠯᠡᠬᠦ ᠤᠬᠠᠭᠠᠨᠴᠢ ᠪᠥᠭᠡᠳ ᠨᠠᠷᠢᠨ ᠬᠢᠨᠠᠮᠠᠭᠠᠢ᠂ ᠪᠣᠳᠠᠲᠠᠢ ᠶᠢ ᠡᠷᠬᠢᠮᠯᠡᠭᠰᠡᠨ ᠥᠨᠳᠥᠷ | ᠪᠦᠲᠦᠮᠵᠢᠲᠡᠢ ᠪᠠᠷ ᠮᠠᠨ ᠤ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ | ᠲᠥᠯᠦᠪᠵᠢᠭᠦᠯᠭᠡ ᠶᠢ ᠰᠠᠶᠢᠲᠤᠷ ᠨᠠᠶᠢᠷᠠᠭᠤᠯᠤᠨ ᠵᠣᠬᠢᠶᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ | ᠬᠤᠳᠠ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃ | ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠣᠷᠣᠨ ᠲᠣᠭᠠᠨ ᠤ ᠨᠢᠭᠡᠴᠡ ᠶᠢᠨ | ᠤᠳᠤᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠪᠠ᠃ |