2 ᠳ᠋ᠤᠭᠠᠷ ᠰᠠᠷ᠎ᠠ ᠶᠢᠨ 18 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ | ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠴᠢᠩ ᠱᠦᠢ ᠾᠧ ᠰᠢᠶᠠᠨ ᠤ ᠵᠠᠰᠠᠭ ᠤᠨ ᠣᠷᠳᠣᠨ ᠤ 2023 | ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃︽ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠡᠭᠦᠷᠭᠡ ᠶᠢᠨ ᠵᠠᠳᠠᠯᠤᠯᠲᠠ ᠶᠢᠨ ᠬᠦᠰᠦᠨᠦᠭᠲᠦ︾ ᠶᠢ ᠬᠢᠨᠠᠨ ᠵᠥᠪᠯᠡᠬᠦ ᠶᠢᠨ ᠬᠠᠮᠲᠤ | ᠵᠠᠷᠴᠢᠮ ᠳᠡᠭᠡᠷ᠎ᠡ ᠪᠠᠨ ᠪᠠᠲᠤᠯᠠᠵᠤ᠂ 2023 ᠣᠨ ᠤ ᠴᠢᠩ ᠱᠦᠢ ᠾᠧ ᠰᠢᠶᠠᠨ ᠤ ᠤᠯᠤᠰ ᠤᠨ ᠡᠷᠡᠭᠦᠯ | ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠬᠤ ᠶᠠᠪᠤᠳᠠᠯ ᠢ ᠰᠤᠳᠤᠯᠵᠤ᠂ ᠬᠠᠮᠢᠶ᠎ᠠ ᠪᠦᠬᠦᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | | | | | ᠬᠤᠷᠠᠯ ᠠᠴᠠ ᠵᠢᠭᠠᠵᠤ ᠭᠠᠷᠭᠠᠭᠰᠠᠨ ᠨᠢ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ | ᠡᠭᠦᠳᠦᠨ ᠪᠠᠶᠢᠭᠤᠯᠬᠤ ᠪᠣᠯ ᠬᠤᠲᠠ ᠶᠢᠨ ᠳᠦᠷᠢ ᠲᠥᠷᠬᠦ ᠪᠣᠯᠣᠨ ᠣᠯᠠᠨ ᠲᠦᠮᠡᠨ ᠤ ᠠᠮᠢᠳᠤᠷᠠᠯ ᠤᠨ ᠵᠣᠯ | ᠵᠢᠷᠭᠠᠯ ᠤᠨ ᠵᠢᠭᠠᠯᠲᠠ ᠲᠤᠭ᠎ᠠ ᠶᠢᠨ ᠴᠢᠬᠤᠯᠠ ᠨᠡᠷ᠎ᠡ ᠶᠢᠨ ᠬᠠᠭᠤᠳᠠᠰᠤ ᠮᠥᠨ᠂ ᠡᠷᠡᠭᠦᠯ ᠡᠩᠬᠡ ᠴᠢᠩ ᠱᠦᠢ ᠾᠧ | ᠰᠢᠶᠠᠨ ᠪᠣᠯ ᠥᠷᠭᠡᠨ ᠣᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠪᠣᠯᠣᠨ ᠦᠢᠯᠡᠳᠪᠦᠷᠢᠯᠡᠯ ᠠᠮᠢᠳᠤᠷᠠᠯ ᠤᠨ | ᠴᠢᠨᠠᠷ ᠴᠢᠨᠰᠠᠭ᠎ᠠ ᠳᠤ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠂ ᠨᠢᠭᠡ | ᠬᠤᠲᠠ ᠶᠢᠨ ᠣᠳᠣᠬᠢᠴᠢᠯᠠᠭᠰᠠᠨ ᠵᠠᠰᠠᠯᠲᠠ ᠶᠢᠨ ᠴᠢᠳᠠᠪᠤᠷᠢ ᠪᠣᠯᠣᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠬᠡᠮᠵᠢᠬᠦ | ᠴᠢᠬᠤᠯᠠ ᠬᠡᠮᠵᠢᠭᠦᠷ ᠮᠥᠨ᠃ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠯᠤᠰ ᠤᠨ ᠡᠷᠡᠭᠦᠯ ᠬᠠᠮᠠᠭᠠᠯᠠᠯ ᠤᠨ | ᠰᠢᠶᠠᠨ ᠢ ᠡᠭᠦᠳᠦᠨ ᠪᠠᠶᠢᠭᠤᠯᠬᠤ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠬᠤᠪᠢᠳᠠᠨ ᠬᠠᠮᠢᠶᠠᠷᠴᠤ | ᠪᠦᠬᠦᠢ ᠬᠦᠷᠢᠶᠡᠨ ᠳᠠᠬᠢ ᠡᠭᠦᠳᠦᠨ ᠪᠠᠶᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ᠪᠣᠳᠠᠲᠠᠢ ᠲᠠᠢ | ᠨᠢᠭᠲᠠ ᠤᠶᠠᠯᠳᠤᠭᠤᠯᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠮᠵᠢᠯᠴᠠᠨ | ᠬᠠᠮᠵᠢᠯᠴᠠᠬᠤ ᠪᠠᠨ ᠴᠢᠩᠭᠠᠳᠬᠠᠵᠤ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠬᠠᠮᠲᠤᠷᠠᠯ ᠤᠨ | ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃ | ᠯᠢ ᠵᠢᠶᠦ᠋ᠨ᠂ ᠪᠠᠢ ᠬᠠᠢ ᠯᠢᠨ᠂ ᠵᠠᠩ ᠷᠦ ᠭᠠᠩ᠂ ᠯᠢᠦ ᠵᠢᠶᠠᠨ ᠴᠢᠶᠠᠩ᠂ ᠬᠠᠢ ᠴᠢᠨ ᠬᠤᠷᠠᠯ ᠳᠤ ᠣᠷᠣᠯᠴᠠᠪᠠ᠃ | ᠸᠠᠩ ᠱᠠᠨ ᠴᠢᠤᠸᠠᠨ᠂ ᠼᠤᠤ ᠰᠢᠨ ᠵᠢᠴᠢ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ |