ᠴᠢᠩ ᠱᠦᠢ ᠾᠧ ᠰᠢᠶᠠᠨ ᠲᠠᠯ᠎ᠠ ᠨᠤᠲᠤᠭ ᠤᠨ ᠨᠣᠮ ᠤᠨ ᠦᠷᠦᠭᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠤᠷᠠᠯ ᠵᠢᠴᠢ ︽ᠥᠪᠥᠷ ᠮᠣᠩᠭᠤᠯ ᠤᠨ ᠲᠣᠭᠠᠴᠢᠯᠠᠭᠰᠠᠨ ᠲᠠᠯ᠎ᠠ ᠨᠤᠲᠤᠭ ᠤᠨ ᠨᠣᠮ ᠤᠨ ᠦᠷᠦᠭᠡ︾ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/2/21
     ᠲᠥᠪ ᠤᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠠᠵᠢᠯ ᠤᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠲᠤᠰᠠᠳᠠ᠂2 ᠳ᠋ᠤᠭᠠᠷ ᠰᠠᠷ᠎ᠠ ᠶᠢᠨ 20 ᠤ ᠡᠳᠦᠷ᠂ ᠴᠢᠩ ᠱᠦᠢ ᠾᠧ ᠰᠢᠶᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠤᠷᠠᠯ ᠵᠢᠴᠢ ︽ᠥᠪᠥᠷ ᠮᠣᠩᠭᠤᠯ ᠤᠨ ᠲᠣᠭᠠᠴᠢᠯᠠᠭᠰᠠᠨ ᠲᠠᠯ᠎ᠠ ᠨᠤᠲᠤᠭ ᠤᠨ ᠨᠣᠮ ᠤᠨ ᠥᠷᠥᠭᠡ︾ ᠶᠢ ᠳᠡᠯᠭᠡᠷᠡᠭᠦᠯᠦᠨ ᠬᠡᠷᠡᠭᠯᠡᠬᠦ ᠠᠵᠢᠯ ᠤᠨ ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃
     ᠪᠣᠯᠪᠠᠰᠤᠷᠠᠯ ᠤᠨ ᠬᠤᠷᠠᠯ ᠳᠡᠭᠡᠷ᠎ᠡ᠂ ᠬᠥᠬᠡᠬᠤᠲᠠ ᠶᠢᠨ ᠰᠢᠨᠬᠤᠸᠠ ᠨᠣᠮ ᠤᠨ ᠳᠡᠯᠭᠡᠭᠦᠷ ᠤᠨ ᠬᠢᠵᠠᠭᠠᠷᠲᠤ ᠺᠣᠮᠫᠠᠨᠢ ᠶᠢᠨ ᠮᠡᠳᠡᠭᠡ ᠵᠠᠩᠭᠢᠴᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠭᠴᠢ ᠶᠢᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠦᠨᠳᠦᠰᠦᠨ ᠮᠡᠳᠡᠯᠭᠡ᠂ ᠲᠠᠯ᠎ᠠ ᠨᠤᠲᠤᠭ ᠤᠨ ᠨᠣᠮ ᠤᠨ ᠥᠷᠥᠭᠡ ᠶᠢᠨ APP ᠵᠢᠭᠡᠯᠡᠨ ᠤᠩᠰᠢᠬᠤ ᠴᠤᠪᠤᠷᠠᠯ ᠠᠵᠢᠯᠯᠠᠭ᠎ᠠ᠂ ᠬᠡᠪᠯᠡᠭᠳᠡᠬᠦᠨ ᠤ ᠶᠡᠷᠦ ᠶᠢᠨ ᠮᠡᠳᠡᠯᠭᠡ᠂ ᠥᠪᠥᠷ ᠮᠣᠩᠭᠤᠯ ᠤᠨ ᠲᠣᠭᠠᠴᠢᠯᠠᠭᠰᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠵᠢᠭ ᠫᠷᠣᠭ᠍ᠷᠠᠮ ᠢ ᠬᠡᠷᠡᠭᠯᠡᠬᠦ ᠠᠷᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠠᠶᠢᠯᠤᠮᠵᠢ ᠬᠢᠵᠡᠢ᠃ᠲᠣᠰ ᠤᠳᠠᠭᠠᠨ ᠤ ᠪᠣᠯᠪᠠᠰᠤᠷᠠᠭᠤᠯᠤᠯ ᠳᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠭᠰᠠᠨ ᠨᠢ ᠲᠠᠯ᠎ᠠ ᠨᠤᠲᠤᠭ ᠤᠨ ᠨᠣᠮ ᠤᠨ ᠥᠷᠥᠭᠡ ᠶᠢᠨ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠵᠢᠴᠢ ᠪᠥᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠰᠠᠶᠢᠲᠤᠷ ᠠᠳᠬᠤᠵᠤ᠂ ᠨᠡᠶᠢᠭᠡᠮ ᠳᠠᠶᠠᠭᠠᠷ ᠲᠤ ᠰᠠᠶᠢᠨ ᠰᠠᠶᠢᠬᠠᠨ ᠨᠣᠮ ᠤᠩᠰᠢᠬᠤ ᠠᠭᠤᠷ ᠠᠮᠢᠰᠬᠤᠯ ᠢ ᠪᠣᠶ ᠪᠣᠯᠭᠠᠬᠤ ᠳᠤ ᠠᠰᠢᠭᠲᠠᠢ ᠶᠤᠮ᠃      ᠣᠶᠢᠯᠠᠭᠠᠭᠰᠠᠨ ᠢᠶᠠᠷ᠂ ᠲᠣᠰ ᠤᠳᠠᠭ᠎ᠠ ᠴᠢᠩ ᠱᠦᠢ ᠾᠧ ᠰᠢᠶᠠᠨ ᠤ ᠰᠢᠨᠬᠤᠸᠠ ᠨᠣᠮ ᠤᠨ ᠳᠡᠯᠭᠡᠭᠦᠷ ᠤᠨ ᠬᠤᠪᠢᠶᠠᠷᠢ ᠺᠣᠮᠫᠠᠨᠢ ᠪᠠᠰᠠ ᠪᠥᠬᠦ ᠰᠢᠶᠠᠨ ᠤ ᠡᠯ᠎ᠡ ᠰᠢᠶᠠᠩ ᠪᠠᠯᠭᠠᠰᠤᠨ ᠤ ᠲᠠᠯ᠎ᠠ ᠨᠤᠲᠤᠭ ᠤᠨ ᠨᠣᠮ ᠤᠨ ᠥᠷᠥᠭᠡ ᠳᠤ ᠡᠯ᠎ᠡ ᠲᠥᠷᠥᠯ ᠤᠨ ᠨᠣᠮ ᠢ 9483 ᠳᠡᠪᠲᠡᠷ ᠨᠥᠬᠦᠪᠦᠷᠢᠯᠡᠵᠦ ᠥᠭᠭᠦᠭᠰᠡᠨ ᠨᠢ ᠪᠥᠬᠦ ᠰᠢᠶᠠᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠠᠰᠢᠭᠲᠠᠢ ᠪᠥᠭᠡᠳ ᠥᠷᠭᠡᠨ ᠣᠯᠠᠨ ᠬᠥᠳᠡᠭᠡ ᠲᠣᠰᠬᠤᠨ ᠤ ᠣᠯᠠᠨ ᠲᠦᠮᠡᠨ ᠤ ᠣᠯᠠᠨ ᠨᠡᠶᠢᠲᠡ ᠶᠢᠨ ᠰᠣᠶᠣᠯ ᠤᠨ ᠦᠨᠳᠦᠰᠦᠨ ᠡᠷᠬᠡ ᠠᠰᠢᠭ ᠢ ᠪᠠᠲᠤᠯᠠᠭᠰᠠᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠯ᠎ᠡ ᠰᠢᠶᠠᠩ ᠪᠠᠯᠭᠠᠰᠤ ᠡᠯ᠎ᠡ ᠲᠣᠰᠬᠤᠨ ᠤ ᠨᠠᠮ ᠤᠨ ᠬᠤᠷᠢᠶᠠᠨ ᠤ ᠲᠠᠯ᠎ᠠ ᠨᠤᠲᠤᠭ ᠤᠨ ᠨᠣᠮ ᠤᠨ ᠦᠷᠦᠭᠡ ᠶᠢᠨ ᠬᠠᠮᠢᠶᠠᠷᠤᠭᠴᠢ ᠪᠣᠯᠪᠠᠰᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1