ᠬᠤᠩ ᠾᠧ ᠪᠠᠯᠭᠠᠰᠤᠨ ᠤ ᠭᠤᠤ ᠮᠣᠣ ᠴᠢᠤᠸᠠᠨ ᠲᠣᠰᠬᠤᠨ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ ᠪᠠᠶᠢᠭᠤᠯᠵᠤ ᠣᠶᠤᠨᠴᠢ ᠲᠠᠷᠢᠶᠠᠯᠠᠩ ᠢ ᠬᠥᠭᠵᠢᠭᠦᠯᠵᠦ ᠰᠢᠨ᠎ᠡ ᠬᠥᠳᠡᠯᠭᠡᠭᠦ ᠬᠦᠴᠦᠨ ᠢ ᠪᠠᠳᠠᠷᠠᠭᠤᠯᠤᠨ᠎ᠠ
ᠨᠡᠶᠢᠲᠡᠯᠡᠭᠰᠡᠨ ᠴᠠᠭ᠄
2023/2/22
     ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠠᠪᠤᠴᠠ ᠳᠤ︽ᠥᠨᠳᠥᠷ ᠪᠠᠷᠢᠮᠵᠢᠶᠠᠲᠤ ᠲᠠᠷᠢᠶᠠᠨ ᠭᠠᠵᠠᠷ + ᠣᠶᠤᠨᠲᠤ ᠲᠠᠷᠢᠶᠠᠯᠠᠩ︾  ᠢ ᠢᠳᠡᠪᠬᠢᠲᠡᠢ ᠠᠬᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠠᠶᠢᠭᠤᠯᠵᠤ᠂ ︽ᠭᠠᠩ ᠬᠠᠭᠰᠠᠷᠠᠭᠠᠨ ᠢ ᠤᠰᠤᠯᠠᠵᠤ ᠴᠢᠳᠠᠬᠤ᠂ ᠤᠰᠤᠲᠤᠯ ᠢ ᠭᠠᠳᠠᠭᠰᠢᠯᠠᠭᠤᠯᠵᠤ ᠴᠢᠳᠠᠬᠤ︾᠂ ᠲᠣᠭᠲᠠᠭᠤᠨ ᠪᠥᠭᠡᠳ ᠥᠨᠳᠥᠷ ᠤᠨᠠᠯᠲᠠ ᠲᠠᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠠᠮᠤᠷ ᠲᠦᠪᠰᠢᠨ ᠤ ᠰᠠᠭᠤᠷᠢ ᠪᠣᠯᠭᠠᠭᠰᠠᠨ ᠪᠠᠶᠢᠨ᠎ᠠ᠃      ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠭᠤᠤ ᠮᠣᠣ ᠴᠢᠤᠸᠠᠨ ᠲᠣᠰᠬᠤᠨ ᠳᠤ ᠪᠠᠶᠢᠭ᠎ᠠ ᠥᠪᠥᠷ ᠮᠣᠩᠭᠤᠯ ᠤᠨ ᠾᠧ ᠯᠢ ᠲᠠᠷᠢᠶᠠᠯᠠᠩ ᠮᠠᠯ ᠠᠵᠤ ᠠᠬᠤᠢ ᠶᠢᠨ ᠲᠤᠰᠬᠠᠢ ᠬᠤᠷᠰᠢᠶ᠎ᠠ ᠶᠢᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠣᠶᠤᠨᠲᠤ ᠲᠠᠷᠢᠶᠠᠨ ᠭᠠᠵᠠᠷ ᠤᠨ ᠣᠳᠣᠬᠢᠴᠢᠯᠠᠭᠰᠠᠨ ᠮᠡᠷᠭᠡᠵᠢᠯ ᠤᠨ ᠬᠥᠭᠵᠢᠯᠲᠡ ᠲᠠᠢ ᠤᠶᠠᠯᠳᠤᠭᠤᠯᠵᠤ᠂ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠢ ᠶᠢᠨ ᠬᠠᠮᠠᠭᠠᠯᠠᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠶᠢ ᠬᠠᠷᠢᠯᠴᠠᠨ ᠠᠬᠢᠭᠤᠯᠵᠤ ᠬᠠᠮᠲᠤᠪᠠᠷ ᠤᠷᠤᠭᠰᠢᠯᠠᠭᠤᠯᠬᠤ ᠵᠠᠮ ᠢ ᠠᠬᠢᠭᠤᠯᠵᠠᠢ᠃2021 ᠣᠨ ᠠᠴᠠ ᠡᠬᠢᠯᠡᠨ᠂ ᠬᠤᠷᠰᠢᠶ᠎ᠠ ᠨᠢ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠥᠷᠥᠯ ᠵᠦᠢᠯ ᠢ ᠠᠬᠢᠭᠤᠯᠵᠤ᠂ ᠲᠥᠷᠥᠯ ᠵᠦᠢᠯ ᠤᠨ ᠲᠠᠯᠠᠪᠠᠶ ᠨᠢ 2000 ᠮᠦ ᠪᠠᠶᠢᠵᠤ᠂ ᠤᠰᠤ ᠪᠣᠷᠳᠣᠭᠤᠷ ᠤᠨ ᠬᠠᠮᠢᠶᠠᠷᠤᠯᠲᠠ ᠶᠢ ᠲᠣᠭᠠᠴᠢᠯᠠᠬᠤ᠂ ᠦᠢᠯᠡᠳᠪᠦᠷᠢᠯᠡᠯ ᠤᠨ ᠬᠠᠮᠢᠶᠠᠷᠤᠯᠲᠠ ᠶᠢ ᠲᠣᠭᠠᠴᠢᠯᠠᠬᠤ᠂ ᠠᠯᠤᠰ ᠠᠴᠠ ᠬᠢᠨᠠᠨ ᠬᠡᠮᠵᠢᠬᠦ ᠶᠢ ᠲᠣᠭᠠᠴᠢᠯᠠᠬᠤ ᠪᠠ ᠡᠳ᠋ ᠪᠣᠳᠠᠰ ᠤᠨ ᠣᠷᠣᠭᠤᠯᠤᠯᠲᠠ ᠶᠢ ᠢᠯᠡ ᠪᠣᠯᠭᠠᠬᠤ᠂ ᠪᠦᠲᠦᠭᠡᠭᠳᠡᠬᠦᠨ ᠢ ᠮᠥᠷᠳᠡᠨ ᠲᠠᠩᠰᠠ ᠡᠪᠬᠡᠮᠡᠯᠵᠢᠭᠦᠯᠬᠦ ᠶᠢ ᠪᠡᠶᠡᠯᠡᠭᠦᠯᠬᠦ ᠶᠢᠨ ᠬᠠᠮᠲᠤ ᠠᠯᠤᠰ ᠠᠴᠠ ᠠᠦ᠋ᠲ᠋ᠣ᠋ ᠡᠵᠡᠮᠳᠡᠬᠦ ᠶᠢ ᠬᠡᠷᠡᠭᠵᠢᠭᠦᠯᠵᠦ᠂ ᠠᠦ᠋ᠲ᠋ᠣ᠋ ᠤᠰᠤᠯᠠᠯᠲᠠ ᠶᠢᠨ ᠤᠰᠤ ᠶᠢ 70% ᠠᠴᠠ ᠳᠡᠭᠡᠭᠰᠢ ᠵᠢᠵᠢᠭᠦᠷᠯᠡᠨ ᠰᠠᠬᠢᠬᠤ ᠬᠥᠮᠥᠨ ᠦᠭᠡᠢ᠂ 30% ᠠᠴᠠ 50% ᠪᠠᠷ ᠠᠷᠪᠢᠯᠠᠬᠤ ᠶᠢ ᠪᠡᠶᠡᠯᠡᠭᠦᠯᠵᠦ᠂ ᠬᠥᠮᠥᠨ ᠤ ᠬᠦᠴᠦᠨ ᠤ ᠴᠠᠭ ᠤᠨ ᠥᠪᠡᠷ ᠤᠨ ᠥᠷᠲᠡᠭ ᠢ 50% ᠠᠴᠠ ᠳᠡᠭᠡᠭᠰᠢ ᠠᠷᠪᠢᠯᠠᠬᠤ ᠶᠢ ᠪᠡᠶᠡᠯᠡᠭᠦᠯᠵᠡᠢ᠃ᠤᠯᠠᠮᠵᠢᠯᠠᠯᠲᠤ ᠤᠰᠤᠯᠠᠯᠲᠠ ᠶᠢᠨ ᠮᠡᠷᠭᠡᠵᠢᠯ ᠲᠠᠢ ᠬᠠᠷᠢᠴᠠᠭᠤᠯᠪᠠᠯ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠮᠡᠷᠭᠡᠵᠢᠯ ᠨᠢ ᠤᠰᠤ ᠶᠢ ᠠᠷᠪᠢᠯᠠᠵᠤ ᠬᠡᠷᠡᠭᠯᠡᠬᠦ ᠥᠨᠳᠥᠷ ᠠᠰᠢᠭᠯᠠᠮᠵᠢ ᠶᠢ ᠶᠡᠭᠡ ᠪᠠᠷ ᠳᠡᠭᠡᠭᠰᠢᠯᠡᠭᠦᠯᠵᠦ᠂ ᠠᠮᠤ ᠪᠤᠳᠠᠭᠠᠨ ᠤ ᠡᠯᠪᠡᠭ ᠬᠤᠷᠢᠶᠠᠯᠲᠠ ᠰᠢᠯᠢᠳᠡᠭ ᠤᠨᠠᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ᠂ ᠭᠤᠤ ᠮᠣᠣ ᠴᠢᠤᠸᠠᠨ ᠲᠣᠰᠬᠤᠨ ᠤ ᠤᠳᠤ ᠦᠶ᠎ᠡ ᠶᠢᠨ ᠲᠠᠷᠢᠶᠠᠯᠠᠩ ᠤᠨ ᠬᠤᠷᠭᠤᠢ ᠬᠠᠳᠬᠤᠮᠠᠯ ᠤᠨ ᠵᠢᠷᠤᠭ ᠢ ᠪᠦᠲᠦᠭᠡᠵᠡᠢ᠃      ᠣᠶᠢᠷ᠎ᠠ ᠳᠤ᠂ ᠲᠥᠪ ᠬᠤᠷᠢᠶ᠎ᠠ ᠠᠴᠠ 21 ᠳ᠋ᠦ᠋ᠭᠡᠷ ᠵᠠᠭᠤᠨ ᠠᠴᠠ ᠨᠠᠰᠢᠬᠢ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠵᠢᠯᠤᠭᠤᠳᠬᠤ 20 ᠳ᠋ᠤᠭᠠᠷ ᠲᠥᠪ ᠬᠤᠷᠢᠶᠠᠨ ᠤ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ  ᠢ ᠨᠡᠶᠢᠲᠡᠯᠡᠵᠦ᠂ ᠪᠥᠬᠦ ᠨᠠᠮ ᠪᠥᠬᠦ ᠨᠡᠶᠢᠭᠡᠮ ᠳᠤ ᠨᠠᠮ ᠤᠨ ᠲᠥᠪ ᠬᠤᠷᠢᠶᠠᠨ ᠤ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠢᠩᠭᠠᠳᠬᠠᠬᠤ ᠢᠯᠡ ᠲᠣᠳᠣ ᠣᠪᠣᠷ ᠢ ᠬᠠᠷᠠᠭᠤᠯᠵᠤ᠂ ᠲᠠᠷᠢᠶᠠᠯᠠᠩ ᠢ ᠬᠦᠴᠦᠷᠬᠡᠭᠵᠢᠭᠦᠯᠵᠦ ᠲᠠᠷᠢᠶᠠᠯᠠᠩ ᠢ ᠴᠢᠬᠤᠯᠠᠴᠢᠯᠠᠬᠤ ᠴᠢᠩᠭ᠎ᠠ ᠳᠣᠬᠢᠶ᠎ᠠ ᠥᠭᠭᠦᠭᠰᠡᠨ ᠪᠠᠶᠢᠨ᠎ᠠ᠃ᠵᠢᠷᠤᠭ ᠲᠥᠰᠥᠪ ᠢ ᠨᠢᠭᠡᠨᠲᠡ ᠵᠢᠷᠤᠭᠯᠠᠵᠤ᠂ ᠪᠦᠷᠢᠶ᠎ᠡ ᠶᠢ ᠬᠠᠩᠭᠢᠨᠠᠭᠤᠯᠵᠤ᠂ ᠥᠨᠢ ᠤᠳᠠᠭᠠᠨ ᠤᠯᠠᠮᠵᠢᠯᠠᠯ ᠲᠠᠢ ᠭᠤᠤ ᠮᠣᠣ ᠴᠢᠤᠸᠠᠨ ᠲᠣᠰᠬᠤᠨ ᠳᠤ᠂ ᠲᠠᠷᠢᠶᠠᠯᠠᠩ ᠤᠨ ᠣᠶᠤᠨᠴᠢ ᠮᠡᠷᠭᠡᠵᠢᠯ ᠢᠶᠠᠷ ᠲᠠᠷᠢᠶᠠᠨ ᠭᠠᠵᠠᠷ ᠢᠶᠠᠨ ᠲᠠᠬᠢᠨ ᠴᠡᠭᠴᠡᠯᠡᠵᠦ᠂ ᠥᠩ ᠰᠢᠮᠡᠯᠢᠭ ᠲᠠᠷᠢᠶᠠᠯᠠᠭ᠎ᠠ ᠶᠢ ᠴᠢᠷᠮᠠᠶᠢᠨ ᠬᠢᠵᠦ᠂ ᠡᠨᠡᠬᠦ ᠡᠷᠲᠡᠨ ᠤ ᠨᠤᠲᠤᠭ ᠳᠡᠪᠢᠰᠬᠡᠷ ᠢᠶᠠᠨ ᠬᠦᠴᠦᠷᠬᠡᠭ ᠶᠡᠭᠡ ᠠᠮᠢᠵᠢᠷᠠᠯ ᠤᠨ ᠬᠦᠴᠦᠨ ᠪᠠ ᠠᠮᠢᠵᠢᠷᠠᠯ ᠤᠨ ᠬᠦᠴᠦᠨ ᠲᠠᠢ ᠪᠣᠯᠭᠠᠵᠤ ᠪᠠᠶᠢᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1