| | | 2 ᠳ᠋ᠤᠭᠠᠷ ᠰᠠᠷ᠎ᠠ ᠶᠢᠨ 7 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ | ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠢ ᠾᠧ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ | ᠬᠤᠷᠢᠶᠠᠨ ᠤ ᠪᠠᠶᠢᠩᠭᠤ ᠶᠢᠨ ᠬᠤᠷᠢᠶᠠᠨ ᠤ 83 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ | ᠬᠤᠷᠠᠯᠳᠤᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠶᠠᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ | ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ | ᠵᠥᠪᠯᠡᠯᠭᠡᠨ᠂ ᠰᠢᠭᠦᠬᠦ ᠬᠤᠷᠢᠶ᠎ᠠ ᠪᠠᠶᠢᠴᠠᠭᠠᠬᠤ ᠬᠤᠶᠠᠷ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ | ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠬᠤᠯᠪᠣᠭᠳᠠᠯ ᠪᠦᠬᠦᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠴᠢᠩ ᠱᠦᠢ ᠾᠧ ᠰᠢᠶᠠᠨ ᠤ ᠵᠢᠯ ᠤᠨ ᠡᠬᠢᠨ ᠤ ᠠᠵᠤ | ᠠᠬᠤᠢ ᠶᠢᠨ ᠬᠥᠭᠵᠢᠯᠲᠡ ᠶᠢᠨ ᠬᠠᠨᠳᠤᠰᠢ ᠡᠷᠴᠢᠮᠲᠡᠢ ᠪᠠᠶᠢᠨ᠎ᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠪᠦᠬᠦ | ᠰᠢᠶᠠᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ | ᠰᠠᠶᠢᠵᠢᠷᠠᠯᠲᠠ ᠶᠢ ᠠᠬᠢᠭᠤᠯᠵᠤ᠂ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ | ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ᠬᠤᠳᠠᠯᠳᠤᠭᠠᠴᠢᠨ ᠤᠷᠢᠬᠤ ᠲᠤᠯᠤᠭᠠᠨ ᠲᠤᠰᠬᠠᠢ ᠠᠩᠭᠢ ᠨᠢ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠨᠠᠷᠢᠯᠢᠭ ᠣᠨᠣᠴᠠᠲᠠᠢ ᠪᠥᠭᠡᠳ ᠥᠨᠳᠥᠷ ᠪᠦᠲᠦᠮᠵᠢᠲᠡᠶ ᠪᠠᠷ | ᠥᠷᠨᠢᠭᠦᠯᠵᠦ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠠᠵᠢᠯ ᠢ ᠰᠠᠨᠠᠭᠠᠴᠢᠯᠠᠭ᠎ᠠ ᠠᠴᠠ ᠪᠠᠨ ᠰᠠᠶᠢᠲᠤᠷ ᠠᠳᠬᠤᠵᠤ᠂ ᠪᠥᠬᠦ ᠰᠢᠶᠠᠨ ᠤ ᠬᠦᠴᠦᠨ ᠢ ᠳᠠᠶᠢᠴᠢᠯᠠᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠦᠨᠡᠨ ᠬᠦ | ᠣᠯᠬᠤ ᠬᠡᠷᠡᠭᠲᠡᠢ᠃ᠡᠷᠬᠡᠪᠰᠢ ᠭᠤᠣᠯ ᠴᠣᠭᠴᠠ ᠶᠢ ᠴᠢᠩᠭ᠎ᠠ ᠠᠩᠬᠠᠷᠴᠤ᠂ ᠤᠷᠢᠳᠠᠪᠠᠷ ᠦᠢᠯᠡᠴᠢᠯᠡᠵᠦ᠂ ᠵᠠᠬ᠎ᠠ | ᠳᠡᠯᠭᠡᠭᠦᠷ ᠤᠨ ᠣᠷᠴᠢᠨ ᠲᠣᠭᠤᠷᠢᠨ᠂ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ᠂ ᠮᠥᠩᠭᠦᠨ ᠭᠦᠢᠯᠭᠡᠭᠡᠨ ᠤ | ᠣᠷᠴᠢᠨ ᠲᠣᠭᠤᠷᠢᠨ᠂ ᠬᠠᠤᠯᠢ ᠳᠦᠷᠢᠮ ᠤᠨ ᠣᠷᠴᠢᠨ ᠲᠣᠭᠤᠷᠢᠨ᠂ ᠢᠲᠡᠭᠡᠮᠵᠢ ᠶᠢᠨ ᠣᠷᠴᠢᠨ ᠲᠣᠭᠤᠷᠢᠨ ᠢ | ᠰᠢᠯᠢᠳᠡᠭᠵᠢᠭᠦᠯᠬᠦ ᠪᠠᠷ ᠭᠤᠣᠯᠳᠠᠭᠤᠯᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠢᠨ᠎ᠡ ᠶᠢ ᠡᠭᠦᠳᠬᠦ ᠲᠠᠯ᠎ᠠ ᠪᠠᠷ | ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠵᠤ᠂ ᠨᠡᠩ ᠲᠠᠲᠠᠬᠤ ᠬᠦᠴᠦᠨ ᠲᠠᠢ᠂ ᠨᠡᠩ ᠥᠷᠢᠰᠦᠯᠳᠦᠬᠦ ᠬᠦᠴᠦᠨ ᠲᠠᠢ | ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠴᠢᠩ ᠱᠦᠢ ᠾᠧ ᠰᠢᠶᠠᠨ ᠤ ᠴᠢᠨᠠᠷ ᠰᠠᠶᠢᠲᠠᠢ | ᠬᠥᠭᠵᠢᠯᠲᠡ ᠳᠤ ᠰᠠᠶᠢᠨ ᠡᠬᠢᠯᠡᠯᠲᠡ ᠲᠠᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠵᠥᠷᠢᠴᠡᠯ ᠵᠢᠭᠤᠷᠠᠯᠳᠤᠭᠠᠨ ᠢ ᠶᠡᠬᠡᠪᠡᠷ ᠪᠠᠶᠢᠴᠠᠭᠠᠬᠤ ᠠᠵᠢᠯᠯᠠᠭ᠎ᠠ ᠶᠢ | ᠭᠦᠨᠵᠡᠭᠡᠢ ᠥᠷᠨᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢᠨ ᠠᠷᠭ᠎ᠠ ᠵᠠᠮ ᠢ ᠦᠨᠡᠨᠬᠦ ᠰᠠᠭᠠᠳ ᠦᠭᠡᠢ ᠨᠠᠪᠲᠠᠷᠡᠭᠦᠯᠵᠦ᠂ | ᠭᠤᠣᠯᠳᠠᠯᠭ᠎ᠠ ᠲᠠᠢ ᠬᠡᠷᠡᠭ ᠭᠤᠣᠯᠳᠠᠯᠭ᠎ᠠ ᠲᠠᠢ ᠬᠥᠮᠥᠰ ᠢ ᠨᠠᠮᠳᠠᠭᠤᠯᠤᠨ ᠲᠣᠭᠲᠠᠭᠤᠨ ᠢᠶᠠᠷ ᠡᠵᠡᠮᠳᠡᠬᠦ ᠠᠵᠢᠯ ᠢ ᠨᠠᠷᠢᠨ | ᠬᠢᠨᠠᠮᠠᠭᠠᠢ ᠰᠠᠶᠢᠲᠤᠷ ᠬᠢᠵᠦ᠂ ᠡᠯ᠎ᠡ ᠰᠢᠶᠠᠩ ᠪᠠᠯᠭᠠᠰᠤ ᠶᠢᠨ ᠬᠢᠨ ᠨᠡᠶᠢᠭᠡᠮ ᠤᠨ ᠠᠶᠤᠯ ᠲᠦᠭᠰᠢᠭᠦᠷᠢ ᠶᠢ ᠡᠬᠢ | ᠡᠭᠦᠰᠦᠯ ᠠᠴᠠ ᠨᠢ ᠰᠡᠷᠭᠡᠶᠢᠯᠡᠨ ᠠᠷᠢᠯᠭᠠᠬᠤ ᠴᠢᠳᠠᠪᠤᠷᠢ ᠪᠣᠯᠣᠨ ᠪᠣᠳᠠᠲᠤ ᠦᠷ᠎ᠡ ᠪᠦᠲᠦᠮᠵᠢ ᠶᠢ ᠴᠢᠨᠠᠭᠰᠢᠳᠠ | ᠳᠡᠭᠡᠭᠰᠢᠯᠡᠭᠦᠯᠵᠦ᠂ ᠠᠮᠤᠷ ᠲᠦᠪᠰᠢᠨ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ ᠲᠣᠭᠤᠷᠢᠨ ᠢ ᠪᠤᠢ | ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ | ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ᠂ ᠰᠢᠶᠠᠨ ᠤ ᠤᠯᠤᠰ ᠲᠦᠷᠦ ᠶᠢᠨ ᠵᠥᠪᠯᠡᠯᠭᠡᠨ᠂ ᠰᠢᠶᠠᠨ ᠤ | ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ | ᠡᠭᠦᠷᠭᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠬᠦ ᠬᠡᠷᠡᠭᠲᠡᠢ᠃ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠵᠤ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠭᠤᠣᠯᠳᠠᠯᠭ᠎ᠠ ᠶᠢᠨ ᠲᠣᠭᠤᠷᠢᠨ ᠳᠤ ᠶᠡᠭᠡ | ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ | ᠭᠦᠢᠴᠡᠳᠬᠡᠵᠦ᠂ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠦᠢᠴᠡᠳᠬᠡᠬᠦ ᠬᠦᠴᠦᠨ ᠢᠶᠠᠨ | ᠦᠨᠡᠨᠬᠦ ᠳᠡᠭᠡᠭᠰᠢᠯᠡᠭᠦᠯᠵᠦ᠂ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠢᠮᠠᠭᠲᠠ ᠲᠥᠪ | ᠭᠤᠣᠯᠴᠢ ᠪᠠᠷ ᠬᠠᠤᠯᠢ ᠪᠠᠷᠢᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ | ᠬᠠᠮᠠᠭᠠᠯᠠᠬᠤ ᠬᠡᠷᠡᠭᠲᠡᠢ ᠭᠡᠵᠡᠢ᠃ | ᠴᠧᠨ ᠬᠤᠷᠴᠠ ᠵᠡᠷᠭᠡ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ | ᠰᠢᠶᠠᠨ ᠤ ᠤᠳᠤᠷᠢᠳᠤᠯᠭ᠎ᠠ ᠳ᠋ᠦ᠋ ᠬᠦᠶ ᠵᠥᠩ᠂ ᠵᠠᠰᠠᠭ ᠤᠨ ᠣᠷᠳᠣᠨ ᠤ ᠡᠯ᠎ᠡ ᠰᠢᠶᠠᠨ ᠤ ᠳᠡᠳ᠋ ᠳᠠᠷᠤᠭ᠎ᠠ᠂ ᠰᠢᠭᠦᠬᠦ | ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠵᠢᠴᠢ ᠡᠯ᠎ᠡ ᠰᠢᠶᠠᠩ ᠪᠠᠯᠭᠠᠰᠤᠨ ᠤ ᠨᠠᠮ ᠤᠨ | ᠬᠤᠷᠢᠶᠠᠨ ᠤ ᠱᠦᠵᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠰᠤᠯᠠ | ᠣᠷᠣᠯᠴᠠᠪᠠ᠃ |