ᠶᠣᠣ ᠭᠧᠦ ᠰᠢᠶᠠᠩ ᠤᠨ ᠲᠠᠷᠢᠶᠠᠴᠢᠨ ᠤ ᠲᠠᠮᠢᠷ ᠤᠨ ᠴᠤᠭᠯᠠᠭᠠᠨ ᠵᠢᠴᠢ ᠪᠦᠦ ᠼᠠᠨ ᠸᠠ ᠲᠣᠰᠬᠤᠨ ᠤ ᠭᠤᠷᠪᠠᠳᠤᠭᠠᠷ ᠬᠤᠭᠤᠴᠠᠭᠠᠨ ᠤ ᠲᠠᠷᠢᠶᠠᠴᠢᠨ ᠤ ᠲᠠᠮᠢᠷ ᠤᠨ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2023/4/10
     ᠬᠠᠪᠤᠷ ᠤᠨ ᠤᠷᠢᠬᠠᠨ ᠰᠠᠯᠬᠢ ᠠᠭᠠᠵᠢᠮ ᠢᠶᠠᠷ ᠳᠤᠯᠠᠭᠠᠷᠠᠵᠤ᠂ ᠲᠦᠮᠡᠨ ᠪᠣᠳᠠᠰ ᠬᠥᠭᠵᠢᠨ ᠴᠡᠴᠡᠭᠯᠡᠨ᠎ᠡ᠃4ᠳ᠋ᠦ᠋ᠭᠡᠷ ᠰᠠᠷ᠎ᠠ ᠶᠢᠨ 8  ᠤ ᠡᠳᠦᠷ᠂ ᠶᠣᠣ ᠭᠧᠦ ᠰᠢᠶᠠᠩ ᠤᠨ ᠪᠦᠦ ᠼᠠᠨ ᠸᠠ ᠲᠣᠰᠬᠤᠨ ᠳᠤ ︽ᠬᠤᠷᠢᠳᠤᠭᠠᠷ ᠶᠡᠭᠡ ᠬᠤᠷᠠᠯ ᠠᠴᠠ ᠰᠤᠷᠤᠯᠴᠠᠵᠥ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠬᠦᠴᠦᠨ ᠢᠶᠠᠨ ᠲᠥᠪᠯᠡᠷᠡᠭᠦᠯᠦᠨ ᠰᠡᠳᠬᠢᠯ ᠢᠶᠠᠨ ᠨᠢᠭᠡᠳᠬᠡᠵᠦ ᠢᠷᠡᠭᠡᠳᠦᠢ ᠲᠡᠰᠢ ᠤᠷᠤᠭᠰᠢᠯᠠᠶ᠎ᠠ︾ᠭᠡᠬᠦ ᠭᠤᠣᠯ ᠰᠡᠳᠦᠪᠲᠦ ᠶᠣᠣ ᠭᠧᠦ ᠰᠢᠶᠠᠩ ᠤᠨ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠵᠢᠴᠢ ᠪᠦᠦ ᠼᠠᠨ ᠸᠠ ᠲᠣᠰᠬᠤᠨ ᠤ ᠭᠤᠷᠪᠠᠳᠤᠭᠠᠷ ᠬᠤᠭᠤᠴᠠᠭᠠᠨ ᠤ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠵᠦ᠂ ᠨᠡᠶᠢᠳᠡ 100 ᠭᠠᠷᠤᠢ ᠤᠯᠠᠨ ᠲᠦᠮᠡᠨ ᠣᠷᠣᠯᠴᠠᠪᠠ᠃ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠶᠦᠩ ᠫᠢᠩ ᠤᠷᠢᠯᠭ᠎ᠠ ᠪᠠᠷ ᠣᠷᠣᠯᠴᠠᠵᠠᠢ᠃
     ᠲᠣᠰ ᠤᠳᠠᠭᠠᠨ ᠤ ᠲᠠᠷᠢᠶᠠᠴᠢᠨ ᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠳᠡᠭᠡᠰᠦ ᠲᠠᠲᠠᠬᠤ ᠤᠷᠤᠯᠳᠤᠭᠠᠨ᠂ ᠬᠤᠶᠠᠷ ᠬᠥᠮᠥᠨ ᠠᠷᠤ ᠨᠢᠷᠤᠭᠤ ᠪᠠᠷ ᠢᠶᠠᠨ ᠪᠥᠮᠪᠦᠭᠡ ᠬᠠᠪᠴᠢᠨ ᠭᠦᠶᠦᠬᠦ᠂ ᠪᠥᠮᠪᠦᠭᠡ ᠠᠯᠠᠭᠠᠳᠠᠨ ᠭᠦᠶᠦᠬᠦ᠂ ᠴᠡᠭ ᠲᠣᠭᠲᠠᠭᠠᠨ ᠰᠠᠭᠰᠤᠯᠠᠬᠤ᠂ ︽ᠳᠣᠪᠤ ᠴᠣᠬᠢᠬᠤ︾ ᠵᠡᠷᠭᠡ ᠣᠯᠠᠨ ᠵᠦᠢᠯ ᠤᠨ ᠬᠡᠯᠪᠡᠷᠢ ᠶᠢᠨ ᠤᠷᠤᠯᠳᠤᠭᠠᠨ ᠤ ᠵᠦᠢᠯ ᠢ ᠲᠣᠬᠢᠷᠠᠭᠤᠯᠵᠠᠢ᠂ ᠤᠷᠤᠯᠳᠤᠭᠠᠨ ᠤ ᠵᠦᠢᠯ ᠨᠢᠭᠡᠪᠦᠷᠢ ᠨᠢ ᠴᠥᠮ ᠣᠶᠤᠨ ᠤᠬᠠᠭᠠᠨ ᠪᠠ ᠪᠡᠶ᠎ᠡ ᠶᠢᠨ ᠬᠦᠴᠦᠨ ᠤ ᠥᠷᠢᠰᠦᠯᠳᠦᠭᠡᠨ ᠪᠣᠯᠬᠤ ᠪᠥᠭᠡᠳ ᠨᠠᠩ ᠴᠤ ᠪᠦᠯᠬᠦᠮᠳᠡᠨ ᠬᠠᠮᠵᠢᠯᠴᠠᠬᠤ ᠶᠢᠨ ᠲᠡᠭᠦᠯᠳᠡᠷ ᠰᠠᠶᠢᠬᠠᠨ ᠮᠥᠷᠥᠶᠢᠴᠡᠭᠡᠨ ᠪᠣᠯᠬᠤ ᠶᠤᠮ᠃ᠠᠷᠪᠠᠨ ᠭᠠᠵᠠᠷ ᠨᠠᠢᠮᠠᠨ ᠲᠣᠰᠬᠤᠨ ᠤ ᠲᠣᠰᠬᠤᠨ ᠤ ᠠᠷᠠᠳ ᠤᠨ ᠲᠠᠮᠢᠷᠴᠢᠳ ᠨᠢᠭᠡ ᠨᠢᠭᠡ ᠪᠠᠷ ᠢᠶᠠᠨ ᠡᠷᠴᠢ ᠵᠣᠷᠢᠭ ᠢᠶᠠᠨ ᠬᠥᠪᠴᠢᠯᠡᠨ ᠨᠢᠳᠤᠷᠭ᠎ᠠ ᠪᠠᠨ ᠵᠠᠩᠭᠢᠳᠤᠨ᠂ ᠲᠤᠬᠠᠢ ᠶᠢᠨ ᠲᠠᠯᠠᠪᠤᠷ ᠲᠤ ᠤᠤᠬᠠᠶᠢᠯᠠᠬᠤ ᠳᠠᠭᠤᠨ᠂ ᠬᠠᠰᠬᠢᠷᠬᠤ ᠳᠠᠭᠤᠨ᠂ ᠤᠷᠠᠢ ᠬᠠᠰᠬᠢᠷᠬᠤ ᠳᠠᠭᠤᠨ᠂ ᠠᠯᠠᠭ᠎ᠠ ᠲᠠᠰᠢᠬᠤ ᠳᠠᠭᠤᠨ᠂ ᠬᠥᠮᠥᠨ ᠪᠦᠬᠦᠨ ᠤ ᠴᠢᠷᠠᠢ ᠳᠤ ᠪᠠᠶᠠᠷ ᠪᠠᠶᠠᠰᠬᠤᠯᠠᠩ ᠤᠨ ᠢᠨᠢᠶᠡᠮᠰᠦᠭᠯᠡᠯ ᠪᠢᠯᠬᠠᠵᠤ ᠪᠠᠶᠢᠯ᠎ᠠ᠃ᠬᠦᠷ ᠬᠥᠭᠵᠢᠶᠡᠨ ᠲᠠᠢ ᠪᠠᠶᠢᠳᠠᠯ ᠨᠢ ᠰᠢᠨ᠎ᠡ ᠴᠠᠭ ᠦᠶ᠎ᠡ ᠶᠢᠨ ᠲᠠᠷᠢᠶᠠᠴᠢᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠭᠦᠯᠬᠦ ᠶᠢᠨ ᠬᠠᠮᠲᠤ ᠡᠯ᠎ᠡ ᠲᠣᠰᠬᠤᠨ ᠤ ᠬᠤᠭᠤᠷᠣᠨᠳᠣᠬᠢ ᠨᠢᠭᠲᠠᠷᠠᠯ ᠤᠨ ᠬᠦᠴᠦᠨ ᠪᠠ ᠲᠥᠪᠯᠡᠷᠡᠯ ᠤᠨ ᠬᠦᠴᠦᠨ ᠢ ᠴᠢᠩᠭᠠᠷᠠᠭᠤᠯᠪᠠ᠃      ᠪᠦᠦ ᠼᠠᠨ ᠸᠠ ᠲᠣᠰᠬᠤᠨ ᠤ ᠬᠢᠨ ᠲᠤᠰ ᠤᠳᠠᠭᠠᠨ ᠤ ᠲᠠᠷᠢᠶᠠᠴᠢᠨ ᠤ ᠲᠠᠮᠢᠷ ᠤᠨ ᠴᠤᠭᠯᠠᠭᠠᠨ ᠢᠶᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ ᠪᠡᠶ᠎ᠡ ᠲᠠᠮᠢᠷ ᠤᠨ ᠦᠢᠯᠡᠰ ᠢ ᠦᠷᠭᠦᠯᠵᠢᠯᠡᠨ ᠶᠡᠬᠡᠪᠡᠷ ᠬᠥᠭᠵᠢᠭᠦᠯᠵᠦ᠂ ᠦᠨᠳᠦᠰᠦᠨ ᠱᠠᠲᠤᠨ ᠤ ᠵᠠᠰᠠᠯᠲᠠ ᠶᠢ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠴᠤᠭᠯᠠᠭᠠᠨ ᠠᠴᠠ ᠣᠷᠭᠢᠯᠤᠨ ᠪᠠᠳᠠᠷᠠᠭᠰᠠᠨ ᠪᠦᠯᠬᠦᠮᠳᠡᠨ ᠲᠡᠮᠡᠴᠡᠬᠦ᠂ ᠴᠤᠴᠠᠯᠲᠠ ᠦᠭᠡᠢ ᠤᠷᠤᠭᠰᠢᠯᠠᠬᠤ ᠴᠤᠭ ᠰᠦᠯᠳᠡ ᠶᠢ ᠡᠷᠬᠢᠮ ᠨᠠᠨᠳᠢᠨ ᠤᠶᠤᠨ ᠰᠠᠨᠠᠭᠠᠨ ᠤ ᠥᠪ ᠬᠥᠷᠥᠩᠭᠡ ᠪᠣᠯᠣᠨ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠭᠦ ᠬᠦᠴᠦᠨ ᠪᠣᠯᠭᠠᠨ ᠬᠤᠶᠢᠰᠢᠳᠠ ᠶᠢᠨ ᠰᠤᠷᠤᠯᠴᠠᠯᠭ᠎ᠠ᠂ ᠠᠵᠢᠯ ᠪᠣᠯᠣᠨ ᠠᠮᠢᠳᠤᠷᠠᠯ ᠳᠠᠭᠠᠨ ᠠᠪᠴᠢᠷᠠᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠴᠤᠭ ᠪᠠᠳᠠᠷᠠᠩᠭᠤᠢ ᠲᠡᠮᠡᠴᠡᠯ ᠤᠨ ᠵᠣᠷᠢᠭ ᠪᠣᠯᠣᠨ ᠵᠣᠷᠢᠭᠲᠠᠢ ᠪᠠᠷ ᠲᠦᠷᠦᠭᠦᠯᠡᠨ ᠲᠡᠮᠡᠴᠡᠬᠦ ᠵᠣᠷᠢᠭ ᠰᠠᠨᠠᠭ᠎ᠠ ᠪᠠᠷ ᠶᠣᠣ ᠭᠧᠦ ᠰᠢᠶᠠᠩ ᠤᠨ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1