ᠣᠶᠢᠷ᠎ᠠ ᠳᠤ᠂ ᠰᠤᠷᠪᠤᠯᠵᠢᠯᠠᠭᠴᠢ ᠰᠢᠶᠠᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ | ᠣᠶᠢᠯᠠᠭᠠᠭᠰᠠᠨ ᠨᠢ᠂ ᠰᠢᠨ᠎ᠡ ᠽᠧᠯᠡᠨᠳ᠋ ᠪᠣᠯᠣᠨ ᠠᠦ᠋ᠰᠲᠷᠠᠯᠢᠶ᠎ᠠ ᠶᠢᠨ ᠠᠭᠠᠷ ᠤᠨ ᠲᠡᠭᠡᠭᠡᠪᠦᠷᠢ ᠠᠴᠠ ᠣᠷᠣᠭᠤᠯᠤᠭᠰᠠᠨ | 8500 ᠭᠠᠷᠤᠢ ᠴᠡᠪᠡᠷ ᠡᠭᠦᠯᠳᠡᠷ ᠤᠨ ᠰᠠᠨᠧᠩ ᠰᠠᠭᠠᠯᠢ ᠶᠢᠨ ᠢᠮᠠᠭ᠎ᠠ ᠰᠢᠶᠠᠩᠭᠠᠩ ᠳᠤ ᠤᠷᠤᠭᠰᠢᠲᠠᠢ ᠬᠦᠷᠴᠦ᠂ | ᠵᠢᠱᠢᠯᠲᠡ ᠪᠠᠷ 5 ᠳ᠋ᠤᠭᠠᠷ ᠰᠠᠷ᠎ᠠ ᠳᠤ ᠬᠢᠵᠢᠭ ᠢ ᠰᠡᠷᠭᠡᠶᠢᠯᠡᠬᠦ ᠲᠤᠰᠠᠭᠠᠷᠯᠠᠯ ᠢ ᠪᠡᠶᠡᠯᠡᠭᠦᠯᠦᠭᠰᠡᠨ ᠤ ᠳᠠᠷᠠᠭ᠎ᠠ᠂ ᠶᠢᠦ | ᠷᠠᠨ ᠮᠠᠯ ᠠᠵᠤ ᠠᠬᠤᠢ ᠶᠢᠨ ᠴᠢᠩ ᠱᠦᠢ ᠾᠧ ᠳᠠᠬᠢ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ ᠤᠨ ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠳᠤ ᠣᠷᠣᠵᠤ ᠰᠠᠭᠤᠬᠤ | ᠪᠣᠯᠣᠨ᠎ᠠ᠃ | | | | | ᠶᠡᠷᠦᠩᠬᠡᠢ ᠪᠡᠯᠡ ᠣᠷᠣᠭᠤᠯᠤᠯᠲᠠ ᠨᠢ 5.4 ᠳ᠋ᠦᠩᠰᠢᠭᠤᠷ ᠲᠥᠭᠦᠷᠢᠭ ᠲᠤ ᠬᠦᠷᠴᠦ᠂ ᠶᠠᠭ ᠪᠦᠲᠦᠭᠡᠨ | ᠪᠠᠶᠢᠭᠤᠯᠵᠤ ᠪᠠᠶᠢᠭ᠎ᠠ ᠶᠢᠦ ᠷᠠᠨ ᠮᠠᠯ ᠠᠵᠤ ᠠᠬᠤᠢ ᠶᠢᠨ ᠴᠢᠩ ᠱᠦᠢ ᠾᠧ ᠳᠠᠬᠢ ᠰᠠᠭᠠᠯᠢ ᠶᠢᠨ ᠢᠮᠠᠭ᠎ᠠ ᠲᠡᠵᠢᠭᠡᠨ | ᠦᠷᠡᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ | 2022 ᠣᠨ ᠳᠤ ᠴᠢᠩ ᠱᠦᠢ ᠾᠧ ᠰᠢᠶᠠᠨ ᠤ ᠤᠯᠢᠶᠠᠰᠤᠲᠠᠢ ᠰᠢᠶᠠᠩ ᠤᠨ ᠪᠥᠸᠧ ᠼᠠᠢ ᠶᠢᠩ ᠲᠣᠰᠬᠤᠨ ᠳᠤ | ᠵᠢᠩᠬᠢᠨᠢ ᠪᠠᠷ ᠨᠤᠲᠤᠭᠰᠢᠪᠠ᠃ ᠶᠢᠦ ᠷᠠᠨ ᠮᠠᠯᠵᠢᠯ ᠤᠨ ᠺᠣᠮᠫᠠᠨᠢ ᠶᠢᠨ ᠣᠨᠴᠠᠯᠢᠭᠲᠤ ᠰᠢᠨ᠎ᠡ ᠰᠣᠷᠭᠤᠭ ᠴᠠᠭᠠᠨ | ᠢᠳᠡᠭᠡᠨ ᠤ ᠲᠦᠷᠦᠯ ᠤᠨ ᠵᠢᠭᠰᠠᠭᠠᠯ ᠢ ᠪᠠᠶᠢᠷᠢᠯᠠᠭᠤᠯᠬᠤ ᠶᠢᠨ ᠲᠥᠯᠥᠭᠡ ᠪᠡᠯᠡ ᠣᠷᠣᠭᠤᠯᠤᠨ ᠰᠢᠨ᠎ᠡ ᠪᠠᠷ | ᠪᠠᠶᠢᠭᠤᠯᠤᠭᠰᠠᠨ ᠠᠩᠬᠠᠳᠠᠭᠴᠢ ᠲᠣᠮᠣ ᠬᠡᠯᠪᠡᠷᠢ ᠶᠢᠨ ᠬᠡᠪᠴᠢᠶᠡᠵᠢᠭᠰᠡᠨ ᠰᠠᠭᠠᠯᠢ ᠶᠢᠨ ᠢᠮᠠᠭᠠᠨ ᠤ ᠮᠠᠯᠵᠢᠯ ᠤᠨ | ᠲᠠᠯᠠᠪᠠᠢ ᠪᠣᠯᠣᠨ᠎ᠠ᠂ ᠮᠥᠨᠴᠦ ᠣᠳᠣᠬᠠᠨ ᠤ ᠪᠦᠬᠦ ᠤᠯᠤᠰ ᠤᠨ ᠬᠠᠮᠤᠭ ᠤᠨ ᠲᠣᠮᠣ ᠪᠠᠷᠢᠮᠵᠢᠶᠠᠲᠤ ᠰᠠᠭᠠᠯᠢ ᠶᠢᠨ | ᠢᠮᠠᠭᠠᠨ ᠤ ᠮᠠᠯᠵᠢᠯ ᠤᠨ ᠲᠠᠯᠠᠪᠠᠢ᠂ ᠤᠯᠤᠰ ᠤᠨ ᠳᠣᠲᠣᠭᠠᠳᠤ ᠶᠢᠨ ᠲᠡᠷᠢᠭᠦᠨ ᠤ ᠰᠠᠭᠠᠯᠢ ᠶᠢᠨ ᠢᠮᠠᠭᠠᠨ ᠤ ᠦᠷ᠎ᠡ ᠶᠢᠨ | ᠦᠢᠯᠡᠰ ᠤᠨ ᠦᠷᠡᠵᠢᠯᠲᠡ ᠶᠢᠨ ᠰᠠᠭᠤᠷᠢᠨ ᠪᠣᠯᠣᠨ᠎ᠠ᠃ᠲᠣᠰ ᠲᠥᠷᠥᠯ ᠵᠦᠢᠯ ᠨᠢ ᠲᠡᠷᠢᠭᠦᠨ ᠤ ᠲᠡᠵᠢᠭᠡᠨ | ᠦᠷᠡᠵᠢᠭᠦᠯᠬᠦ ᠮᠡᠷᠭᠡᠵᠢᠯ ᠪᠠ ᠣᠶᠤᠨᠴᠢᠯᠠᠭᠰᠠᠨ ᠲᠣᠨᠤᠭ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ᠂ ᠲᠡᠷᠢᠭᠦᠨ ᠤ | ᠣᠶᠤᠨᠴᠢᠯᠠᠭᠰᠠᠨ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠰᠢᠰᠲ᠋ᠧᠮ ᠪᠠ ᠪᠣᠬᠢᠷᠳᠤᠯ ᠦᠭᠡᠢ᠂ ᠠᠮᠢ | ᠠᠬᠤᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢᠨ ᠤᠷᠠᠯᠠᠯ ᠢᠶᠠᠷ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ | ᠠᠵᠤ ᠦᠢᠯᠡᠰ ᠲᠤ ᠴᠢᠳᠠᠯ ᠣᠯᠭᠤᠵᠤ᠂ ︽ᠬᠤᠨᠢᠨ ᠤ ᠰᠤᠳᠤᠷ︾ ᠶᠢ ᠰᠠᠶᠢᠲᠤᠷ ᠤᠩᠰᠢᠵᠤ ︽ᠬᠤᠨᠢᠨ ᠤ ᠣᠯᠵᠠ | ︾ ᠣᠯᠬᠤ ᠶᠢ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠴᠢᠩ ᠱᠦᠢ ᠾᠧ | ᠰᠠᠭᠠᠯᠢ ᠶᠢᠨ ᠢᠮᠠᠭᠠᠨ ᠤ ᠮᠠᠯᠵᠢᠯ ᠤᠨ ᠲᠠᠯᠠᠪᠠᠶ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠪᠠᠷ | ᠦᠢᠯᠡᠳᠦᠯᠭᠡᠵᠢᠭᠦᠯᠦᠨ 290 ᠭᠠᠷᠤᠢ ᠠᠵᠢᠯᠴᠢᠨ ᠬᠡᠷᠡᠭᠯᠡᠬᠦ ᠶᠢ ᠰᠢᠢᠳᠪᠦᠷᠢᠯᠡᠵᠦ᠂ ᠰᠦᠢᠳᠬᠡᠯ ᠬᠤᠷᠢᠶᠠᠬᠤ | ᠦᠭᠡᠢ ᠪᠠᠷ ᠬᠤᠭᠤᠯᠠ ᠬᠤᠨᠤᠭ ᠬᠠᠩᠭᠠᠵᠤ᠂ ᠬᠥᠮᠥᠨ ᠪᠦᠷᠢ ᠶᠢᠨ ᠵᠢᠯ ᠤᠨ ᠴᠡᠪᠡᠷ ᠣᠷᠣᠯᠭ᠎ᠠ ᠨᠢ 6 ᠲᠦᠮᠡᠨ | ᠲᠥᠭᠦᠷᠢᠭ ᠣᠷᠴᠢᠮ ᠪᠠᠶᠢᠵᠤ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠂ | ᠲᠤᠬᠠᠢ ᠶᠢᠨ ᠭᠠᠵᠠᠷ ᠤᠨ ᠠᠵᠢᠯ ᠣᠯᠭᠤᠯᠲᠠ ᠶᠢᠨ ᠳᠠᠷᠤᠭᠠᠰᠤ ᠶᠢ ᠬᠥᠩᠭᠡᠷᠡᠭᠦᠯᠵᠦ᠂ ᠡᠷᠬᠢᠨ ᠲᠣᠭᠤᠷᠢᠨ ᠤ | ᠲᠠᠷᠢᠶᠠᠴᠢᠳ ᠤᠨ ᠣᠶᠢᠷ᠎ᠠ ᠬᠠᠪᠢ ᠳᠠᠭᠠᠨ ᠠᠵᠢᠯ ᠰᠣᠩᠭᠤᠬᠤ ᠶᠢ ᠠᠬᠢᠭᠤᠯᠪᠠ᠃ᠡᠭᠦᠨ ᠤ ᠬᠠᠮᠲᠤ᠂ ᠮᠠᠯᠵᠢᠯ ᠤᠨ | ᠲᠠᠯᠠᠪᠠᠶ ᠠᠴᠠ ᠵᠢᠯ ᠪᠦᠷᠢ 6000 ᠭᠠᠷᠤᠢ ᠮᠦ ᠡᠷᠳᠡᠨᠢ ᠰᠢᠰᠢ ᠶᠢᠨ ᠨᠣᠭᠤᠭᠠᠨ ᠳᠠᠷᠤᠰᠢ ᠶᠢ ᠬᠤᠳᠠᠯᠳᠤᠨ ᠠᠪᠬᠤ | ᠴᠢᠬᠤᠯᠠᠲᠠᠢ ᠪᠠᠶᠢᠵᠤ᠂ ᠲᠠᠷᠢᠶᠠᠴᠢᠨ ᠡᠷᠦᠬᠡ ᠮᠠᠯᠵᠢᠯ ᠤᠨ ᠲᠠᠯᠠᠪᠠᠶ ᠲᠠᠢ ᠬᠠᠮᠲᠤᠷᠠᠨ ᠨᠣᠭᠤᠭᠠᠨ ᠳᠠᠷᠤᠰᠢ ᠶᠢᠨ ᠡᠷᠳᠡᠨᠢ | ᠰᠢᠰᠢ ᠳᠠᠷᠢᠬᠤ ᠪᠠᠷ ᠳᠡᠮᠵᠢᠨ ᠣᠷᠣᠯᠭ᠎ᠠ ᠪᠠᠨ ᠨᠡᠮᠡᠭᠳᠡᠭᠦᠯᠵᠦ᠂ ᠲᠤᠬᠠᠢ ᠶᠢᠨ ᠭᠠᠵᠠᠷ ᠤᠨ ᠲᠠᠷᠢᠮᠠᠯ ᠤᠨ ᠪᠦᠲᠦᠴᠡ ᠶᠢ | ᠰᠠᠶᠢᠵᠢᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠶᠡᠭᠡ ᠡᠷᠭᠢᠯᠲᠡ ᠶᠢ ᠪᠣᠶ ᠪᠣᠯᠭᠠᠭᠰᠠᠨ ᠮᠥᠷᠲᠡᠭᠡᠨ ᠲᠤᠬᠠᠢ ᠶᠢᠨ | ᠭᠠᠵᠠᠷ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠨ᠂ ᠲᠠᠷᠢᠶᠠᠴᠢᠳ ᠤᠨ ᠣᠷᠣᠯᠭ᠎ᠠ ᠶᠢᠨ | ᠨᠡᠮᠡᠭᠳᠡᠯ ᠢ ᠠᠬᠢᠭᠤᠯᠤᠭᠰᠠᠨ ᠪᠠᠶᠢᠨ᠎ᠠ᠃ | ᠬᠡᠷᠡᠭᠯᠡᠭᠡ ᠶᠢᠨ ᠲᠠᠰ ᠳᠡᠪᠰᠢᠬᠦ ᠪᠠ ᠬᠡᠷᠡᠭᠯᠡᠭᠴᠢᠳ ᠤᠨ ᠢᠮᠠᠭᠠᠨ ᠰᠦ ᠶᠢᠨ ᠰᠢᠮ᠎ᠡ ᠲᠡᠵᠢᠭᠡᠯ ᠤᠨ ᠦᠨ᠎ᠡ | ᠥᠷᠲᠡᠭ ᠢ ᠮᠡᠳᠡᠷᠡᠬᠦ ᠶᠢ ᠳᠠᠭᠠᠯᠳᠤᠨ᠂ ᠢᠮᠠᠭᠠᠨ ᠰᠦ ᠨᠢ ᠣᠳᠣᠬᠠᠨ ᠤ ᠤᠯᠤᠰ ᠤᠨ ᠳᠣᠲᠣᠭᠠᠳᠤ ᠶᠢᠨ ᠰᠦᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠲᠠᠬᠢ ᠦᠨᠢᠶᠡᠨ ᠰᠦ ᠶᠢᠨ ᠳᠠᠷᠠᠭ᠎ᠠ ᠯᠠ ᠣᠷᠣᠬᠤ ᠬᠤᠶᠠᠳᠤᠭᠠᠷ ᠶᠡᠭᠡ ᠲᠥᠷᠥᠯ | ᠵᠦᠢᠯ ᠪᠣᠯᠵᠤ᠂ ᠰᠠᠭᠤᠭᠠᠯᠢ ᠠᠷᠠᠳ ᠤᠨ ᠰᠢᠮ᠎ᠡ ᠲᠡᠵᠢᠭᠡᠯᠲᠦ ᠢᠳᠡᠭᠡᠨ ᠤ ︽ᠰᠢᠨ᠎ᠡ ᠬᠡᠷᠬᠡᠮᠲᠡᠨ︾ ᠪᠣᠯᠵᠤ᠂ | ᠰᠠᠭᠠᠯᠢ ᠶᠢᠨ ᠢᠮᠠᠭᠠᠨ ᠤ ᠠᠵᠤ ᠦᠢᠯᠡᠰ ᠤᠨ ᠬᠥᠭᠵᠢᠯᠲᠡ ᠶᠢᠨ ᠰᠢᠵᠢᠷ ᠠᠯᠲᠠᠨ ᠴᠠᠭ ᠦᠶ᠎ᠡ ᠪᠠᠨ ᠤᠭᠲᠤᠨ | ᠠᠪᠴᠢᠷᠠᠯ᠎ᠠ᠃ᠰᠠᠭᠠᠯᠢ ᠶᠢᠨ ᠦᠢᠯᠡᠰ ᠤᠨ ᠬᠥᠭᠵᠢᠯᠲᠡ ᠲᠠᠰᠤᠷᠠᠯᠲᠠ ᠦᠭᠡᠢ ᠠᠬᠢᠬᠤ ᠶᠢ ᠳᠠᠭᠠᠯᠳᠤᠨ᠂ ᠴᠢᠩ ᠱᠦᠢ | ᠾᠧ ᠰᠢᠶᠠᠨ ᠤ ᠬᠢᠨ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠦᠷᠭᠦᠯᠵᠢᠯᠡᠨ | ᠭᠦᠨᠵᠡᠭᠡᠢ ᠨᠠᠶᠢᠳᠠᠪᠤᠷᠢᠵᠢᠭᠤᠯᠵᠤ᠂ ᠰᠠᠭᠠᠯᠢ ᠶᠢᠨ ᠬᠤᠨᠢᠨ ᠤ ᠦᠷ᠎ᠡ ᠶᠢᠨ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦ ᠨᠡᠮᠡᠷᠢᠯᠡᠬᠦ ᠪᠣᠯᠣᠨ᠎ᠠ᠃ |