ᠭᠤᠴᠢᠨ ᠲᠠᠪᠤᠳᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠵᠢᠴᠢ ᠬᠥᠬᠡᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢ ᠳᠠᠬᠢᠨ ᠳᠡᠭᠡᠭᠰᠢᠯᠡᠭᠦᠯᠬᠦ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2023/4/6
ᠪᠣᠣ ᠰᠢᠶᠠᠨ ᠬᠤᠸᠠ ᠬᠤᠷᠠᠯ ᠳᠤ ᠣᠷᠣᠯᠴᠠᠵᠠᠢ      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠡᠭᠴᠢ ᠸᠠᠩ ᠺᠦᠨ︶ 4 ᠰᠠᠷ ᠶᠢᠨ 3 ᠤ ᠡᠳᠦᠷ᠂ ᠭᠤᠴᠢᠨ ᠲᠠᠪᠤᠳᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠵᠢᠴᠢ ᠬᠥᠬᠡᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢᠨ ᠤᠷᠳᠤ ᠬᠤᠭᠤᠴᠠᠭᠠᠨ ᠤ ᠪᠦᠲᠦᠮᠵᠢᠲᠡᠢ  ᠬᠠᠮᠢᠶᠠᠷᠤᠯᠲᠠ ᠶᠢ ᠲᠠᠬᠢᠨ ᠳᠡᠭᠡᠭᠰᠢᠯᠡᠭᠦᠯᠬᠦ ᠡᠬᠢᠯᠡᠯᠲᠡ ᠶᠢᠨ ᠶᠣᠰᠣᠯᠠᠯ ᠬᠥᠬᠡᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠣᠣ ᠰᠢᠶᠠᠨ ᠬᠤᠸᠠ ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠶᠣᠰᠣᠯᠠᠯ ᠡᠬᠢᠯᠡᠭᠰᠡᠨ ᠢ ᠵᠠᠷᠯᠠᠪᠠ᠃      ᠡᠨᠡ ᠵᠢᠯ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠭᠤᠤᠯ ᠰᠡᠳᠦᠪ ᠪᠣᠯ ︽ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠭᠡᠷ ᠣᠷᠣᠨ ᠡᠷᠡᠭᠦᠯ ᠴᠢᠭᠢᠷᠠᠭ ᠰᠢᠨ᠎ᠡ ᠠᠮᠢᠳᠤᠷᠠᠯ︾ ᠪᠣᠯᠣᠨ᠎ᠠ᠃ ᠡᠬᠢᠯᠡᠯᠲᠡ ᠶᠢᠨ ᠶᠣᠰᠣᠯᠠᠯ ᠳᠡᠭᠡᠷ᠎ᠡ ᠭᠤᠴᠢᠨ ᠲᠠᠪᠤᠳᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠵᠦ᠂ ᠪᠥᠬᠦ ᠣᠷᠣᠨ ᠤ ᠠᠷᠠᠳ ᠲᠦᠮᠡᠨ ᠵᠢᠵᠢᠭ ᠰᠠᠵᠢᠭ ᠵᠦᠢᠯ ᠠᠴᠠ ᠡᠬᠢᠯᠡᠨ ᠬᠢᠵᠦ᠂ ᠲᠣᠰ ᠪᠡᠶ᠎ᠡ ᠠᠴᠠ ᠪᠠᠨ ᠡᠬᠢᠯᠡᠨ ᠬᠢᠵᠦ᠂ ᠣᠲᠣ ᠠᠴᠠ ᠡᠬᠢᠯᠡᠨ ᠬᠢᠵᠦ᠂ ᠳᠡᠷᠭᠡᠳᠡ ᠠᠴᠠ ᠪᠠᠨ ᠡᠬᠢᠯᠡᠨ ᠬᠢᠵᠦ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠨᠢᠭᠦᠯᠵᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠶ ᠦᠵᠡᠰᠭᠦᠯᠡᠩᠲᠦ ᠰᠠᠶᠢᠬᠠᠨ ᠬᠡᠷ ᠣᠷᠣᠨ ᠢᠶᠠᠨ ᠴᠣᠭᠴᠠᠯᠠᠨ ᠪᠠᠶᠢᠭᠤᠯᠵᠤ᠂ ᠡᠷᠡᠭᠦᠯ ᠴᠢᠭᠢᠷᠠᠭ ᠰᠢᠨ᠎ᠡ ᠠᠮᠢᠳᠤᠷᠠᠯ ᠢ ᠬᠥᠭᠡᠭᠡᠴᠡᠯᠳᠦᠬᠦ ᠶᠢ ᠰᠠᠨᠠᠭᠠᠴᠢᠯᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠬᠥᠬᠡᠬᠤᠲᠠ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠡᠰᠡᠭ ᠡᠮᠴᠢ ᠰᠤᠪᠢᠯᠠᠭᠴᠢ ᠪᠠᠰᠠ ᠡᠷᠡᠭᠦᠯ ᠮᠡᠨᠳᠦ ᠶᠢᠨ ᠵᠥᠪᠯᠡᠯᠭᠡ ᠥᠭᠬᠦ ᠠᠯᠪᠠᠨ ᠵᠢᠷᠤᠮ ᠤᠨ ᠡᠮᠴᠢᠯᠡᠭᠡ᠂ ᠲᠦᠷᠭᠡᠨ ᠠᠪᠤᠷᠠᠯᠳᠠ ᠶᠢᠨ ᠤᠬᠠᠭᠤᠯᠭ᠎ᠠ ᠪᠣᠯᠪᠠᠰᠤᠷᠠᠯ ᠵᠡᠷᠭᠡ ᠠᠵᠢᠯᠯᠠᠭ᠎ᠠ ᠥᠷᠨᠢᠭᠦᠯᠵᠡᠢ᠃
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1