ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ ᠳᠡᠭᠡᠳᠦ ᠲᠠᠰ ᠤᠨ ᠠᠨᠠᠭᠠᠬᠤ ᠤᠬᠠᠭᠠᠨ ᠤ ᠴᠢᠳᠠᠪᠤᠷᠢᠲᠠᠨ ᠢ ᠠᠵᠢᠯ ᠲᠥᠷᠥᠯ ᠤᠨ ᠰᠢᠰᠲ᠋ᠧᠮ ᠢᠶᠠᠷ ᠨᠢ ᠬᠠᠪᠰᠤᠷᠤᠨ ᠲᠡᠳᠬᠦᠬᠦ 5 ᠴᠢᠳᠠᠪᠤᠷᠢᠲᠠᠨ ᠢ ᠠᠮᠵᠢᠯᠲᠠᠲᠠᠢ ᠣᠷᠣᠭᠤᠯᠤᠨ ᠠᠪᠴᠢᠷᠠᠪᠠ
ᠨᠡᠶᠢᠲᠡᠯᠡᠭᠰᠡᠨ ᠴᠠᠭ᠄
2023/4/7
     4 ᠳ᠋ᠦ᠋ᠭᠡᠷ ᠰᠠᠷ᠎ᠠ ᠶᠢᠨ 6 ᠤ ᠡᠳᠦᠷ᠂ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥᠯ ᠵᠦᠢᠯ ᠵᠢᠩᠬᠢᠨᠢ ᠪᠠᠷ ᠡᠬᠢᠯᠡᠵᠦ᠂ ᠲᠤᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥᠯ ᠵᠦᠢᠯ ᠬᠥᠬᠡᠬᠤᠲᠠ ᠶᠢᠨ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠣᠶᠢᠷ᠎ᠠ ᠶᠢᠨ ᠵᠢᠯ ᠳᠤ ᠲᠣᠭᠲᠠᠭᠰᠠᠨ ᠬᠤᠭᠤᠴᠠᠭ᠎ᠠ ᠲᠠᠢ ᠪᠠᠷ ᠲᠤᠰᠬᠠᠢ ᠮᠡᠷᠭᠡᠵᠢᠯᠲᠡᠨ ᠲᠣᠮᠢᠯᠠᠵᠤ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ ᠶᠢ ᠠᠵᠢᠯ ᠲᠥᠷᠥᠯ ᠤᠨ ᠰᠢᠰᠲ᠋ᠧᠮ ᠢᠶᠠᠷ ᠨᠢ ᠲᠡᠳᠬᠦᠭᠰᠡᠨ ᠰᠠᠭᠤᠷᠢᠨ ᠳᠡᠭᠡᠷᠡᠬᠢ ᠨᠢᠭᠡ ᠤᠳᠠᠭᠠᠨ ᠤ ᠨᠡᠩ ᠭᠦᠨ ᠳᠠᠪᠬᠤᠷᠭ᠎ᠠ ᠶᠢᠨ ᠲᠤᠰᠬᠠᠢ ᠮᠡᠷᠭᠡᠵᠢᠯᠲᠡᠨ ᠤ ᠳᠡᠮᠵᠢᠯᠭᠡ ᠪᠣᠯᠣᠨ᠎ᠠ᠃ 5 ᠲᠤᠰᠬᠠᠢ ᠮᠡᠷᠭᠡᠵᠢᠯᠲᠡᠨ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ ᠳᠤ ᠬᠤᠶᠠᠷ ᠵᠢᠯ ᠦᠢᠯᠡᠴᠢᠯᠡᠵᠦ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠡᠰᠡᠭ ᠲᠤᠰᠬᠠᠢ ᠮᠡᠷᠭᠡᠵᠢᠯ ᠤᠨ ᠰᠢᠨᠵᠢᠯᠡᠭᠡᠨ ᠤ ᠰᠠᠯᠠᠭ᠎ᠠ ᠶᠢᠨ ᠴᠢᠳᠠᠪᠤᠷᠢᠲᠠᠨ ᠤ ᠨᠥᠭᠡᠴᠡ ᠶᠢᠨ ᠬᠤᠭᠤᠰᠤᠨ ᠢ ᠨᠥᠬᠦᠪᠦᠷᠢᠯᠡᠵᠦ᠂ ᠳᠣᠲᠣᠷ ᠡᠮᠨᠡᠯᠭᠡ᠂ ᠭᠠᠳᠠᠷ ᠡᠮᠨᠡᠯᠭᠡ᠂ ᠬᠥᠩᠭᠡᠵᠢᠭᠦᠯᠬᠦ ᠰᠠᠯᠠᠭ᠎ᠠ᠂ ᠮᠢᠨᠴᠦᠷᠡᠭᠦᠯᠬᠦ ᠰᠠᠯᠠᠭ᠎ᠠ᠂ ᠲᠦᠷᠭᠡᠨ ᠡᠮᠨᠡᠬᠦ ᠰᠢᠷᠬ᠎ᠠ ᠶᠢᠨ ᠰᠠᠯᠠᠭ᠎ᠠ ᠵᠡᠷᠭᠡ ᠲᠤᠰᠬᠠᠢ ᠮᠡᠷᠭᠡᠵᠢᠯ ᠤᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠰᠣᠷᠭᠤᠭ ᠴᠢᠰᠤ ᠶᠢ ᠨᠡᠮᠡᠷᠢᠯᠡᠪᠡ᠃
     ᠰᠢᠶᠠᠨ ᠤ ᠡᠮᠨᠡᠯᠭᠡ ᠶᠢᠨ ᠬᠤᠷᠢᠶ᠎ᠠ ᠨᠢ ᠮᠠᠨ ᠤ ᠰᠢᠶᠠᠨ ᠤ ᠴᠣᠷ ᠤᠨ ᠭᠠᠭᠴᠠ ᠬᠤᠶᠠᠳᠤᠭᠠᠷ ᠳᠡᠰ ᠤᠨ ᠬᠥᠬᠡ ᠳᠡᠰ ᠤᠨ ᠶᠡᠷᠦᠩᠬᠡᠶᠢᠯᠡᠭᠰᠡᠨ ᠴᠢᠨᠠᠷᠲᠠᠢ ᠡᠮᠨᠡᠯᠭᠡ ᠶᠢᠨ ᠬᠤᠷᠢᠶ᠎ᠠ ᠪᠣᠯᠣᠭᠰᠠᠨ ᠨᠢ ᠬᠤᠪᠢ ᠳᠤ᠂ ᠴᠢᠳᠠᠪᠤᠷᠢᠲᠠᠨ ᠢᠶᠠᠷ ᠡᠷᠡᠭᠦᠯ ᠬᠠᠮᠠᠭᠠᠯᠠᠯ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠣᠣᠷ ᠤᠨ ᠢᠷᠤᠭᠠᠷ ᠤᠨ ᠢᠨᠵᠧᠨᠧᠷᠢᠩ ᠢ ᠪᠠᠬᠢᠵᠢᠭᠦᠯᠬᠦ᠂ ᠵᠥᠭᠡᠯᠡᠨ ᠪᠣᠳᠠᠲᠤ ᠬᠦᠴᠦᠨ ᠤ ᠳᠡᠭᠡᠭᠰᠢᠯᠡᠯᠲᠡ ᠶᠢ ᠠᠬᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠭᠠᠬᠤ ᠪᠣᠯᠣᠨ᠎ᠠ᠃      ᠲᠣᠰ ᠤᠳᠠᠭ᠎ᠠ ᠶᠢᠨ ᠣᠷᠣᠭᠤᠯᠤᠭᠰᠠᠨ 5 ᠳᠡᠭᠡᠳᠦ ᠲᠠᠰ ᠤᠨ ᠴᠢᠳᠠᠪᠤᠷᠢᠲᠠᠨ ᠲᠣᠰ ᠲᠣᠰ ᠤᠨ ᠲᠤᠰᠬᠠᠢ ᠮᠡᠷᠭᠡᠵᠢᠯ ᠤᠨ ᠣᠨᠴᠠ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠨᠠᠭᠠᠬᠤ ᠤᠬᠠᠭᠠᠨ ᠤ ᠵᠢᠭᠠᠨ ᠰᠤᠷᠭᠠᠯᠲᠠ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠢ ᠢᠳᠡᠪᠬᠢᠲᠡᠢ ᠥᠷᠨᠢᠭᠦᠯᠵᠦ᠂ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠰᠠᠯᠠᠭ᠎ᠠ ᠲᠠᠰᠤᠭ ᠤᠨ ᠡᠮᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠳᠠᠶᠢᠴᠢᠯᠠᠨ᠂ ᠥᠷᠭᠡᠨ ᠣᠯᠠᠨ ᠠᠷᠠᠳ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠵᠤ᠂ ᠴᠢᠩ ᠱᠦᠢ ᠾᠧ ᠰᠢᠶᠠᠨ ᠤ ᠡᠮᠨᠡᠯᠭᠡ ᠶᠢᠨ ᠬᠤᠷᠢᠶ᠎ᠠ ᠶᠢᠨ ᠪᠥᠬᠦ ᠡᠮᠨᠡᠯᠭᠡ ᠶᠢᠨ ᠬᠤᠷᠢᠶ᠎ᠠ ᠶᠢᠨ ᠠᠵᠢᠯᠲᠠᠨ ᠠᠵᠢᠯᠴᠢᠨ ᠤ ᠪᠦᠯᠬᠦᠮᠳᠡᠨ ᠨᠢᠭᠡᠳᠴᠦ ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠪᠠ ᠲᠤᠰᠬᠠᠢ ᠮᠡᠷᠭᠡᠵᠢᠯ ᠤᠨ ᠰᠢᠯᠢᠳᠡᠭ ᠪᠣᠯᠬᠤ ᠪᠠᠷ ᠴᠢᠷᠮᠠᠶᠢᠬᠤ ᠬᠠᠯᠠᠭᠤᠨ ᠰᠡᠳᠬᠢᠯᠭᠡ ᠶᠢ ᠬᠥᠭᠵᠢᠭᠡᠬᠦ ᠪᠣᠯᠣᠨ᠎ᠠ᠃ᠨᠢᠭᠡ ᠲᠤᠰᠬᠠᠢ ᠮᠡᠷᠭᠡᠵᠢᠯᠲᠡᠨ ᠲᠣᠮᠢᠯᠠᠬᠤ᠂ ᠨᠢᠭᠡ ᠰᠠᠯᠠᠭ᠎ᠠ ᠲᠠᠰᠤᠭ ᠢ ᠪᠠᠶᠢᠭᠤᠯᠬᠤ᠂ ᠨᠢᠭᠡ ᠰᠢᠨᠵᠢᠯᠡᠭᠡᠨ ᠤ ᠰᠠᠯᠠᠭ᠎ᠠ ᠶᠢ ᠪᠠᠶᠢᠭᠤᠯᠬᠤ᠂ ᠨᠢᠭᠡ ᠪᠦᠯᠦᠭ ᠴᠢᠳᠠᠪᠤᠷᠢᠲᠠᠨ ᠢ ᠬᠥᠮᠥᠵᠢᠭᠦᠯᠬᠦ᠂ ᠨᠢᠭᠡ ᠭᠠᠵᠠᠷ ᠣᠷᠣᠨ ᠤ ᠠᠷᠠᠳ ᠢᠷᠭᠡᠳ ᠲᠤ ᠪᠤᠶᠠᠨ ᠦᠢᠯᠡᠳᠬᠦ ᠬᠠᠷᠠᠯᠲᠠ ᠶᠢ ᠪᠡᠶᠡᠯᠡᠭᠦᠯᠬᠦ ᠪᠣᠯᠣᠨ᠎ᠠ᠃    ᠴᠢᠳᠠᠪᠤᠷᠢᠲᠠᠨ ᠤ ᠡᠬᠢ ᠪᠠᠶᠠᠯᠢᠭ ᠪᠣᠯ ᠡᠮᠨᠡᠯᠭᠡ ᠶᠢᠨ ᠬᠤᠷᠢᠶᠠᠨ ᠤ ᠬᠥᠭᠵᠢᠯᠲᠡ ᠶᠢ ᠲᠤᠯᠭᠠᠭᠤᠷᠢᠯᠠᠬᠤ ᠨᠢᠭᠡᠳᠦᠭᠡᠷ ᠡᠬᠢ ᠪᠠᠶᠠᠯᠢᠭ ᠮᠥᠨ᠂ ᠴᠢᠳᠠᠪᠤᠷᠢᠲᠠᠨ ᠤ ᠳᠠᠪᠠᠭᠤᠯᠢᠭ ᠪᠣᠯ ᠡᠮᠨᠡᠯᠭᠡ ᠶᠢᠨ ᠬᠤᠷᠢᠶᠠᠨ ᠤ ᠬᠠᠮᠤᠭ ᠤᠨ ᠦᠨᠳᠦᠰᠦᠨ ᠳᠠᠪᠠᠭᠤᠯᠢᠭ ᠮᠥᠨ᠃ᠲᠣᠰ ᠤᠳᠠᠭᠠᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠵᠦᠢᠯᠡᠰ ᠢ ᠡᠬᠢᠯᠡᠭᠦᠯᠦᠭᠰᠡᠨ ᠨᠢ ᠡᠮᠨᠡᠯᠭᠡ ᠶᠢᠨ ᠬᠤᠷᠢᠶᠠᠨ ᠤ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ ᠪᠠ ᠡᠷᠳᠡᠮ ᠰᠢᠨᠵᠢᠯᠡᠭᠡᠨ ᠤ ᠰᠡᠳᠦᠪ ᠤᠨ ᠰᠤᠳᠤᠯᠭᠠᠨ ᠳᠤ ᠠᠮᠢᠵᠢᠷᠠᠯ ᠤᠨ ᠬᠦᠴᠦᠨ ᠢ ᠣᠷᠣᠭᠤᠯᠵᠤ᠂ ᠡᠭᠦᠨ ᠤ ᠤᠯᠠᠮ ᠠᠴᠠ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠬᠥᠭᠵᠢᠯᠲᠡ ᠶᠢᠨ ᠰᠢᠨ᠎ᠡ ᠲᠦᠪᠰᠢᠨ ᠳᠤ ᠬᠦᠷᠬᠦ ᠶᠢ ᠠᠬᠢᠭᠤᠯᠵᠤ᠂ ᠡᠷᠡᠭᠦᠯ ᠡᠩᠬᠡ ᠴᠢᠩ ᠱᠦᠢ ᠾᠧ ᠰᠢᠶᠠᠨ ᠤ ᠪᠦᠲᠦᠭᠡᠨ ᠪᠠᠶᠢᠭᠤᠯᠤᠯᠲᠠ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1