5 ᠳ᠋ᠤᠭᠠᠷ ᠰᠠᠷ᠎ᠠ ᠶᠢᠨ 9 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠺᠧ ᠯᠢᠩ ᠰᠢᠶᠠᠨ ᠤ | ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ 95 ᠳ᠋ᠤᠭᠠᠷ ᠤᠳᠠᠭᠠᠨ ᠤ ︵ᠥᠷᠭᠡᠳᠬᠡᠭᠰᠡᠨ︶ ᠬᠤᠷᠠᠯ ᠢ | ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠥᠭᠭᠦᠭᠰᠡᠨ | ᠬᠠᠷᠢᠭᠤ ᠵᠠᠬᠢᠳᠠᠯ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ | ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠠᠩᠬᠠᠳᠤᠭᠠᠷ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ | ᠵᠢᠴᠢ 4 ᠳ᠋ᠦ᠋ᠭᠡᠷ ᠰᠠᠷ᠎ᠠ ᠶᠢᠨ 28 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ︽ᠴᠢᠩ ᠱᠦᠢ | ᠾᠧ ᠰᠢᠶᠠᠨ ᠤ ᠰᠢᠶᠠᠨ ᠤ ᠬᠡᠪᠴᠢᠶᠡᠨ ᠤ ᠬᠤᠲᠠ ᠶᠢᠨ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠪᠠ ᠬᠢᠷᠢ | ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠲᠤᠬᠠᠢ ᠭᠤᠣᠯᠳᠠᠯᠭ᠎ᠠ ᠲᠠᠢ ᠡᠭᠦᠷᠭᠡ ᠶᠢᠨ ᠡᠬᠡ ᠲᠠᠩᠰᠠ ᠶᠢᠨ | ᠵᠠᠳᠠᠯᠤᠯᠲᠠ︾ ᠵᠢᠴᠢ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠤᠨ ᠳᠦᠷᠢᠮ ᠤᠨ ᠬᠤᠯᠪᠣᠭᠳᠠᠯ ᠪᠦᠬᠦᠢ ᠵᠦᠢᠯᠡᠰ ᠢ | ᠰᠤᠳᠤᠯᠤᠨ ᠬᠢᠨᠠᠨ ᠵᠥᠪᠯᠡᠵᠦ᠂ ᠪᠥᠬᠦ ᠰᠢᠶᠠᠨ ᠤ ᠬᠤᠶᠠᠳᠤᠭᠠᠷ ᠤᠯᠠᠷᠢᠯ ᠪᠠ ᠳᠣᠣᠷ᠎ᠠ ᠬᠠᠭᠠᠰ ᠵᠢᠯ ᠤᠨ | ᠦᠢᠯᠡᠴᠢᠯᠡᠭᠡᠨ ᠤ ᠦᠢᠯᠡᠰ ᠢ ᠠᠬᠢᠭᠤᠯᠤᠭᠰᠠᠨ ᠪᠠᠶᠢᠳᠠᠯ ᠪᠠ ᠠᠵᠢᠯ ᠤᠨ ᠲᠥᠯᠥᠪᠯᠡᠭᠡ ᠶᠢᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮ ᠤᠨ ᠡᠳ᠋ ᠤᠨ ᠵᠠᠰᠠᠭ ᠠᠵᠤ ᠠᠬᠤᠢ ᠶᠢᠨ ᠠᠵᠢᠯ ᠳᠠᠬᠢ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠲᠠᠯ᠎ᠠ ᠪᠠᠷ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠵᠦ᠂ ᠪᠣᠳᠠᠲᠤ | ᠴᠣᠭᠴᠠ ᠶᠢᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠨᠡᠭᠡᠭᠡᠯᠲᠡ ᠬᠢᠵᠦ ᠬᠠᠮᠲᠤᠷᠠᠯᠴᠠᠬᠤ ᠶᠢ ᠪᠠᠷᠢᠮᠲᠠᠯᠠᠵᠤ᠂ ᠠᠵᠤ | ᠦᠢᠯᠡᠰ ᠢᠶᠠᠷ ᠲᠠᠶᠢᠴᠢᠯᠠᠵᠦ ᠪᠠᠶᠢᠭᠠᠳ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ | ᠬᠦᠴᠦᠨ ᠢᠶᠠᠨ ᠤᠯᠠᠮ ᠨᠢᠭᠡ ᠠᠯᠬᠤᠮ ᠨᠢᠭᠲᠠᠷᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠭᠤᠷᠪᠠᠳᠤᠭᠠᠷ | ᠠᠵᠤ ᠦᠢᠯᠡᠰ ᠤᠨ ᠬᠥᠭᠵᠢᠯᠲᠡ ᠪᠠ ᠰᠢᠶᠠᠨ ᠤ ᠬᠡᠪᠴᠢᠶᠡᠨ ᠤ ᠬᠤᠳᠠᠯᠳᠤᠭᠠᠨ ᠤ ᠰᠢᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠶᠠᠨ ᠤ ᠬᠡᠪᠴᠢᠶᠡᠨ ᠤ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃ |