ᠬᠥᠬᠡᠬᠤᠲᠠ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ ᠭᠤᠸᠠᠩᠳᠦ᠋ᠩ ᠹᠦᠵᠢᠶᠠᠨ ᠳᠤ ᠬᠦᠷᠴᠦ ᠴᠢᠩ ᠱᠦᠢ ᠾᠧ ᠰᠢᠶᠠᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠵᠠᠢ
ᠨᠡᠶᠢᠲᠡᠯᠡᠭᠰᠡᠨ ᠴᠠᠭ᠄
2023/5/10
     ᠣᠶᠢᠷ᠎ᠠ ᠳᠤ᠂ ᠬᠥᠬᠡᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠠᠩ ᠵᠢᠩ ᠮᠢᠨ ᠪᠦᠯᠬᠦᠮ ᠳᠠᠭᠠᠭᠤᠯᠤᠨ ᠭᠤᠸᠠᠩᠳᠦ᠋ᠩ᠂ ᠹᠦᠵᠢᠶᠠᠨ ᠳᠤ ᠬᠦᠷᠴᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠤᠭᠤᠯᠤᠯᠲᠠ ᠶᠢ ᠥᠷᠨᠢᠭᠦᠯᠪᠡ᠃      ᠭᠤᠸᠠᠩᠳᠦ᠋ᠩ ᠮᠤᠵᠢ ᠳᠤ ᠭᠤᠸᠠᠩᠳᠦ᠋ᠩ ᠤᠨ ᠡᠨᠧᠷᠭᠢ ᠶᠢᠨ ᠪᠦᠯᠦᠭᠯᠡᠯ ᠤᠨ ᠭᠤᠸᠠᠩᠳᠦ᠋ᠩ ᠤᠨ ᠰᠠᠯᠬᠢᠨ ᠬᠦᠴᠦᠨ ᠤ ᠴᠠᠬᠢᠯᠭᠠᠨ ᠤ ᠺᠣᠮᠫᠠᠨᠢ᠂ ᠱᠧᠨᠵᠧᠨ ᠬᠤᠲᠠ ᠶᠢᠨ ᠶᠠᠨ ᠢ ᠰᠢᠨ᠎ᠡ ᠮᠠᠲ᠋ᠧᠷᠢᠶᠠᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠱᠧᠨᠵᠧᠨ ᠬᠤᠲᠠ ᠶᠢᠨ ᠮᠢᠩ ᠴᠧᠩ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠃ᠭᠤᠸᠠᠩᠳᠦ᠋ᠩ ᠤᠨ ᠡᠨᠧᠷᠭᠢ ᠶᠢᠨ ᠪᠦᠯᠦᠭᠯᠡᠯ ᠤᠨ ᠴᠢᠩ ᠱᠦᠢ ᠾᠧ ᠰᠢᠶᠠᠨ ᠳᠠᠬᠢ ᠭᠡᠷᠡᠯ ᠴᠡᠨᠡᠭ ᠤᠨ ᠲᠦᠷᠦᠯ ᠵᠦᠢᠯ ᠢ ᠠᠬᠢᠭᠤᠯᠬᠤ ᠲᠤᠬᠠᠢ ᠵᠥᠪᠳᠡᠯᠴᠡᠵᠦ᠂ ᠭᠤᠸᠠᠩᠳᠦ᠋ᠩ ᠤᠨ ᠡᠨᠧᠷᠭᠢ ᠶᠢᠨ ᠪᠦᠯᠦᠭᠯᠡᠯ ᠪᠣᠯᠣᠨ ᠰᠢᠦᠢ ᠶᠠᠩ ᠪᠦᠯᠦᠭᠯᠡᠯ ᠤᠨ ᠬᠠᠮᠲᠤᠷᠠᠯᠴᠠᠭᠠᠨ ᠤ ᠰᠠᠨᠠᠮᠵᠢ ᠪᠠᠨ ᠨᠢᠭᠡᠳᠪᠡ᠃ ᠶᠠᠨ ᠢ ᠯᠢᠲ᠋ᠢ ᠴᠡᠨᠡᠭ ᠤᠨ ᠨᠡᠮᠡᠯᠲᠡ ᠡᠳ᠋᠂ ᠨᠠᠭᠠᠯᠳᠤᠭᠤᠯᠤᠭᠴᠢ ᠡᠳ᠋ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠴᠢᠩ ᠱᠦᠢ ᠾᠧ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠪᠣᠯᠣᠨ ᠯᠢᠲ᠋ᠢ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠪᠠᠶᠢᠷᠢᠰᠢᠭᠤᠯᠤᠯᠲᠠ ᠶᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠤᠯᠠᠮ ᠴᠢᠨᠠᠭᠰᠢᠳᠠ ᠬᠠᠮᠲᠤᠷᠠᠯᠴᠠᠬᠤ ᠰᠠᠭᠤᠷᠢ ᠶᠢ ᠲᠠᠯᠪᠢᠵᠠᠢ᠃ᠮᠢᠩ ᠴᠧᠩ ᠮᠥᠩᠭᠦᠨ ᠭᠦᠢᠯᠭᠡᠭᠡ ᠲᠠᠢ ᠨᠡᠭᠦᠷᠡᠰᠦᠲᠥ᠋ᠷᠥᠭᠴᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠷᠠᠯᠵᠢᠶᠠᠯᠠᠬᠤ ᠲᠠᠯ᠎ᠠ ᠪᠠᠷ ᠬᠠᠮᠲᠤᠷᠠᠯᠴᠠᠭᠠᠨ ᠤ ᠰᠠᠨᠠᠮᠵᠢ ᠪᠠᠨ ᠨᠢᠭᠡᠳᠬᠡᠭᠰᠡᠨ ᠪᠥᠭᠡᠳ ᠨᠡᠭᠦᠷᠡᠰᠦᠲᠥ᠋ᠷᠥᠭᠴᠢ ᠶᠢᠨ ᠡᠬᠢ ᠪᠠᠶᠠᠯᠢᠭ ᠢ ᠦᠨᠡᠯᠡᠨ ᠵᠢᠱᠢᠬᠦ᠂ ᠰᠢᠯᠭᠠᠨ ᠬᠡᠮᠵᠢᠬᠦ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠭᠠᠷᠳᠠᠨ ᠬᠢᠬᠦ ᠪᠠᠷ ᠪᠣᠯᠪᠠ᠃      ᠹᠦᠵᠢᠶᠠᠨ ᠮᠤᠵᠢ ᠶᠢᠨ ᠴᠢᠤᠸᠠᠨᠵᠸᠤ ᠬᠤᠲᠠ ᠳᠤ ᠠᠨ ᠶᠤᠸᠠᠨ ᠭᠡᠷᠡᠯ ᠤᠨ ᠤᠬᠠᠭᠠᠨ ᠤ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠰᠢᠶᠦ᠋ᠨ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠵᠢᠶᠠᠨ ᠰᠢᠨ ᠳᠤᠭᠤᠶᠢᠯᠠᠪᠤᠷᠢ ᠶᠢᠨ ᠺᠣᠮᠫᠠᠨᠢ᠂ ᠰᠢᠨ ᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠺᠣᠮᠫᠠᠨᠢ᠂ ᠱᠢ ᠱᠢ ᠬᠤᠲᠠ ᠶᠢᠨ ᠴᠢᠩ ᠴᠤᠸᠠᠩ ᠴᠧᠩ ᠤᠯᠠᠨ ᠤᠯᠤᠰ ᠤᠨ ᠰᠦᠯᠵᠢᠶᠡᠨ ᠤ ᠪᠥᠭᠡᠮ ᠢᠶᠠᠷ ᠬᠤᠳᠠᠯᠳᠤᠬᠤ ᠲᠥᠪ ᠵᠡᠷᠭᠡ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠴᠢᠩ ᠱᠦᠢ ᠾᠧ ᠰᠢᠶᠠᠨ ᠤ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ᠂ ᠮᠠᠲ᠋ᠧᠷᠢᠶᠠᠯ ᠤᠨ ᠲᠣᠭᠤᠷᠢᠨ ᠳᠤ ᠳᠡᠭᠡᠳᠦ ᠳᠣᠣᠷᠠᠳᠤ ᠤᠷᠤᠰᠬᠠᠯ ᠤᠨ ᠨᠠᠷᠢᠯᠢᠭ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠵᠤ᠂ ᠦᠢᠯᠡᠳᠬᠦᠨ ᠤ ᠬᠠᠩᠭᠠᠯᠭ᠎ᠠ ᠶᠢᠨ ᠬᠠᠮᠲᠤᠷᠠᠯᠴᠠᠭ᠎ᠠ ᠶᠢ ᠠᠬᠢᠭᠤᠯᠪᠠ᠃      ᠱᠠᠩ ᠵᠢᠩ ᠮᠢᠨ ᠵᠢᠭᠠᠵᠤ ᠭᠠᠷᠭᠠᠭᠰᠠᠨ ᠨᠢ᠂ ᠴᠢᠩ ᠱᠦᠢ ᠾᠧ ᠰᠢᠶᠠᠨ ᠤ ᠡᠬᠢ ᠪᠠᠶᠠᠯᠢᠭ ᠤᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠲᠠᠯᠠᠢ ᠳᠠᠭᠠᠤ ᠣᠷᠣᠨ ᠤ ᠠᠵᠤ ᠦᠢᠯᠡᠰ ᠢ ᠰᠢᠯᠵᠢᠭᠦᠯᠵᠦ ᠲᠡᠰ ᠳᠡᠪᠰᠢᠭᠦᠯᠬᠦ ᠠᠵᠠ ᠲᠣᠬᠢᠶᠠᠯ ᠢ ᠠᠮᠵᠢᠵᠤ᠂ ᠰᠢᠨ᠎ᠡ ᠡᠨᠧᠷᠭᠢ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠮᠠᠲ᠋ᠧᠷᠢᠶᠠᠯ ᠵᠡᠷᠭᠡ ᠭᠤᠣᠯᠯᠠᠭᠴᠢ ᠠᠵᠤ ᠦᠢᠯᠡᠰ ᠤᠨ ᠲᠣᠭᠤᠷᠢᠨ ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠵᠤ᠂ ᠠᠵᠤ ᠦᠢᠯᠡᠰ ᠢᠶᠠᠷ ᠠᠷᠠᠯᠵᠢᠶᠠᠴᠢᠨ ᠤᠷᠢᠵᠤ᠂ ᠰᠢᠶᠠᠨ ᠤ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃      ᠴᠢᠩ ᠱᠦᠢ ᠾᠧ ᠰᠢᠶᠠᠨ ᠤ ᠤᠳᠤᠷᠢᠳᠤᠯᠭ᠎ᠠ ᠵᠠᠩ ᠺᠧ ᠯᠢᠩ᠂ ᠵᠢᠶᠣᠣ ᠴᠢᠶᠠᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1