ᠬᠠᠪᠤᠷ ᠤᠨ ᠲᠠᠷᠢᠶᠠᠯᠠᠭ᠎ᠠ ᠶᠠᠭ ᠴᠠᠭ ᠲᠠᠭᠠᠨ ᠲᠠᠷᠢᠶᠠᠯᠠᠩ ᠤᠨ ᠮᠠᠰᠢᠨ ᠤ ᠠᠵᠢᠯ ᠶᠠᠭᠠᠷᠠᠤ
ᠨᠡᠶᠢᠲᠡᠯᠡᠭᠰᠡᠨ ᠴᠠᠭ᠄
2023/5/11
     ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠤᠳᠠᠯ ᠦᠭᠡᠢ ᠪᠣᠯᠬᠤ ᠭᠡᠵᠦ ᠪᠠᠶᠢᠭ᠎ᠠ ᠦᠶ᠎ᠡ ᠳᠤ᠂ ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠭᠤᠤ ᠮᠣᠣ ᠴᠢᠤᠸᠠᠨ ᠲᠣᠰᠬᠤᠨ ᠤ ᠦᠨᠦᠷᠲᠦ ᠨᠠᠷᠢᠮᠤ ᠶᠢᠨ ᠲᠠᠷᠢᠮᠠᠯ ᠤᠨ ᠰᠠᠭᠤᠷᠢᠨ ᠳᠤ᠂ 5 ᠰᠠᠭᠤᠷᠢ ᠲᠠᠷᠢᠶᠠᠯᠠᠩ ᠤᠨ ᠮᠠᠰᠢᠨ ᠶᠠᠭ ᠶᠠᠭᠠᠷᠠᠯᠲᠠᠢ ᠠᠵᠢᠯᠯᠠᠵᠤ᠂ ᠮᠠᠰᠢᠨᠴᠢᠯᠠᠯᠲᠠ ᠪᠠᠷ ᠦᠨᠦᠷᠲᠦ ᠨᠠᠷᠢᠮᠤ ᠲᠠᠷᠢᠬᠤ ᠠᠵᠢᠯ ᠢ ᠲᠦᠷᠭᠡᠳᠬᠡᠵᠡᠢ᠃
     ᠲᠠᠷᠢᠶᠠᠯᠠᠩ ᠤᠨ ᠮᠠᠰᠢᠨᠴᠢ ᠨᠠᠷ ᠠᠦ᠋ᠲ᠋ᠣ᠋ ᠦᠷ᠎ᠡ ᠶᠢᠨ ᠮᠠᠰᠢᠨ ᠢ ᠵᠢᠯᠣᠭᠤᠳᠤᠨ ᠲᠠᠷᠢᠶᠠᠨ ᠳᠤ ᠨᠠᠭᠠᠰᠢ ᠴᠠᠭᠠᠰᠢ ᠰᠦᠯᠵᠢᠯᠳᠦᠵᠦ᠂ ᠦᠷ᠎ᠡ ᠶᠢᠨ ᠮᠠᠰᠢᠨ ᠤ ᠬᠦᠷᠦᠭᠰᠡᠨ ᠭᠠᠵᠠᠷ ᠪᠣᠯᠭᠠᠨ ᠳᠤ ᠭᠤᠦ ᠭᠠᠷᠭᠠᠬᠤ᠂ ᠪᠣᠷᠳᠣᠭᠤᠷ ᠣᠷᠣᠭᠤᠯᠬᠤ᠂ ᠪᠦᠷᠬᠦᠭᠦᠯ ᠪᠦᠷᠬᠦᠬᠦ᠂ ᠦᠷ᠎ᠡ ᠰᠠᠴᠤᠬᠤ᠂ ᠰᠢᠷᠣᠢ ᠬᠥᠷᠪᠡᠭᠦᠯᠬᠦ ᠶᠢ ᠨᠢᠭᠡ ᠯᠡ ᠠᠮᠢᠰᠬᠤᠭ᠎ᠠ ᠪᠠᠷ ᠪᠦᠲᠦᠭᠡᠳᠡᠭ᠃ᠡᠲᠡᠭᠡᠷ ᠮᠠᠰᠢᠨ ᠮᠧᠬᠠᠨᠢᠭ ᠢ ᠡᠳᠦᠷ ᠪᠦᠷᠢ 200 ᠭᠠᠷᠤᠢ ᠮᠦ ᠳᠠᠷᠢᠵᠤ ᠪᠣᠯᠣᠨ᠎ᠠ᠂ 3300 ᠮᠦ ᠦᠨᠦᠷᠲᠦ ᠠᠮᠤ ᠶᠢ ᠬᠠᠭᠤᠷᠠᠢ ᠪᠠᠷ ᠳᠠᠷᠢᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠲᠤ ᠬᠠᠭᠠᠰ ᠰᠠᠷ᠎ᠠ ᠪᠣᠯᠣᠯ ᠦᠭᠡᠢ ᠪᠠᠷ ᠳᠠᠷᠢᠵᠤ ᠪᠣᠯᠣᠨ᠎ᠠ᠂ ᠡᠨᠡ ᠬᠦ ᠦᠷ᠎ᠡ ᠪᠦᠲᠦᠮᠵᠢ ᠨᠢ ᠤᠯᠠᠮᠵᠢᠯᠠᠯᠲᠤ ᠬᠥᠮᠥᠨ ᠤ ᠬᠦᠴᠦ ᠪᠠᠷ ᠳᠠᠷᠢᠭᠰᠠᠨ ᠤ 15 ᠳᠠᠬᠢᠨ ᠣᠷᠴᠢᠮ ᠪᠠᠶᠢᠳᠠᠭ᠃
     ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠭᠠᠵᠠᠷ ᠣᠷᠣᠨ ᠤ ᠣᠨᠴᠠᠯᠢᠭ ᠲᠠᠭᠠᠨ ᠰᠠᠭᠤᠷᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠠᠵᠢᠯ ᠢ ᠢᠳᠡᠪᠬᠢᠲᠡᠢ ᠬᠥᠭᠵᠢᠭᠦᠯᠵᠦ᠂ ᠬᠠᠭᠤᠷᠠᠢ ᠭᠠᠵᠠᠷ ᠤᠨ ᠤᠰᠤ ᠬᠠᠳᠠᠭᠠᠯᠠᠬᠤ ᠴᠥᠭᠦᠷᠥᠮ ᠤᠨ ᠤᠰᠤ ᠨᠡᠪᠴᠢᠬᠦ ᠰᠦᠯᠢᠶᠥᠦ ᠪᠦᠷᠬᠦᠪᠴᠢ ᠲᠠᠢ ᠬᠠᠮᠵᠢᠯᠴᠠᠨ ᠲᠠᠷᠢᠬᠤ ᠮᠡᠷᠭᠡᠵᠢᠯ ᠢ ᠳᠡᠯᠭᠡᠷᠡᠭᠦᠯᠵᠦ᠂ ᠲᠠᠷᠢᠶᠠᠴᠢᠨ ᠡᠷᠦᠬᠡ ᠶᠢᠨ ᠦᠢᠯᠡᠳᠪᠦᠷᠢᠯᠡᠯ ᠤᠨ ᠥᠪᠡᠷ ᠤᠨ ᠦᠷᠲᠡᠭ ᠪᠠ ᠡᠬᠢ ᠪᠠᠶᠠᠯᠢᠭ ᠢ ᠶᠡᠭᠡ ᠪᠠᠷ ᠠᠷᠪᠢᠯᠠᠵᠤ᠂ ᠪᠠᠶᠢᠭᠠᠯᠢ ᠶᠢᠨ ᠭᠠᠮᠰᠢᠭ ᠠᠴᠠ ᠪᠣᠯᠤᠭᠰᠠᠨ ᠨᠥᠯᠥᠭᠡ ᠶᠢ ᠪᠦᠲᠦᠮᠵᠢᠲᠡᠢ ᠪᠠᠷ ᠪᠠᠭᠤᠷᠠᠭᠤᠯᠵᠤ᠂ ᠲᠠᠷᠢᠮᠠᠯ ᠤᠨ ᠡᠯᠪᠡᠭ ᠬᠤᠷᠢᠶᠠᠯᠲᠠ ᠶᠢ ᠳᠡᠭᠡᠭᠰᠢᠯᠡᠭᠦᠯᠵᠦ᠂ ᠲᠠᠷᠢᠶᠠᠯᠠᠩ ᠤᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠬᠥᠭᠵᠢᠭᠦᠯᠬᠦ ᠰᠢᠨ᠎ᠡ ᠠᠷᠭ᠎ᠠ ᠵᠠᠮ ᠢ ᠬᠠᠶᠢᠨ ᠰᠦᠪᠡᠭᠴᠢᠯᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1