ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠤᠯᠠᠭᠠᠨᠲᠤᠶᠠᠭ᠎ᠠ︶ | ᠰᠤᠷᠪᠤᠯᠵᠢᠯᠠᠬᠴᠢ ᠬᠦᠬᠡᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠠᠴᠠ ᠣᠶᠢᠯᠠᠭᠠᠭᠰᠠᠨ | ᠢᠶᠠᠷ᠂ 2022 ᠣᠨ ᠳᠤ᠂ ᠬᠥᠬᠡᠬᠤᠲᠠ ᠶᠢᠨ ᠨᠡᠶᠢᠭᠡᠮ ᠳᠠᠶᠠᠭᠠᠷ ᠤᠨ ᠰᠤᠳᠤᠯᠭᠠᠨ ᠪᠠ ᠲᠤᠷᠰᠢᠯᠲᠠ | ᠬᠦᠭᠵᠢᠭᠦᠯᠦᠯᠲᠡ ︵R&D︶ ᠶᠢᠨ ᠵᠠᠷᠤᠳᠠᠯ ᠤᠨ ᠣᠷᠣᠭᠤᠯᠤᠯᠲᠠ 52.4 ᠳ᠋ᠦᠩᠰᠢᠭᠤᠷ ᠲᠥᠭᠦᠷᠢᠭ ᠲᠤ ᠬᠦᠷᠴᠦ | ᠂ 12% ᠢᠶᠠᠷ ᠨᠡᠮᠡᠭᠳᠡᠨ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ 6 ᠵᠢᠯ ᠳᠠᠷᠠᠭᠠᠯᠠᠨ ᠨᠡᠮᠡᠭᠳᠡᠬᠦ ᠶᠢ | ᠪᠡᠶᠡᠯᠡᠭᠦᠯᠦᠭᠰᠡᠨ ᠪᠠᠶᠢᠨ᠎ᠠ᠃ | ᠣᠶᠢᠯᠠᠭᠠᠭᠰᠠᠨ ᠢᠶᠠᠷ᠂ 2022 ᠣᠨ ᠠᠴᠠ ᠡᠬᠢᠯᠡᠨ᠂ ᠬᠥᠬᠡᠬᠤᠲᠠ ᠰᠤᠳᠤᠯᠤᠨ ᠨᠡᠭᠡᠭᠡᠬᠦ | ᠣᠷᠣᠭᠤᠯᠤᠯᠲᠠ ᠶᠢᠨ ︽ᠪᠣᠭᠤᠮᠲᠠ ᠰᠢᠪᠲᠤᠯᠬᠤ ᠳᠠᠶᠢᠯᠠᠯᠳᠤᠭᠠᠨ︾ ᠢ ᠡᠬᠢᠯᠡᠭᠦᠯᠵᠦ ︽᠂ ᠬᠥᠬᠡᠬᠤᠲᠠ ᠶᠢᠨ | ᠰᠤᠳᠤᠯᠤᠨ ᠨᠡᠭᠡᠭᠡᠬᠦ ᠣᠷᠣᠭᠤᠯᠤᠯᠲᠠ ᠶᠢᠨ ᠪᠣᠭᠤᠮᠲᠠ ᠰᠢᠪᠲᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ | ᠲᠣᠭᠲᠠᠭᠠᠵᠤ᠂ ᠰᠤᠳᠤᠯᠤᠨ ᠨᠡᠭᠡᠭᠡᠬᠦ ᠪᠠᠷ ᠤᠳᠤᠷᠢᠳᠤᠮᠵᠢ ᠪᠣᠯᠭᠠᠭᠰᠠᠨ ᠠᠵᠤ ᠠᠬᠤᠶᠢᠯᠠᠯ ᠤᠨ ᠤᠷᠮᠠᠰᠢᠭᠤᠯᠬᠤ | ᠲᠣᠭᠲᠠᠴᠠ ᠶᠢ ᠲᠡᠭᠦᠯᠳᠡᠷᠵᠢᠭᠦᠯᠪᠡ᠃ ᠱᠠᠭᠠᠷᠳᠠᠯᠭ᠎ᠠ ᠳᠤ ᠨᠡᠶᠢᠴᠡᠬᠦ 198 ᠵᠦᠢᠯ ᠳᠤ ᠬᠤᠲᠠ ᠶᠢᠨ ᠲᠣᠰ ᠱᠠᠲᠤᠨ ᠤ | ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 2708 ᠲᠦᠮᠡᠨ ᠲᠥᠭᠦᠷᠢᠭ ᠪᠠᠭᠤᠯᠭᠠᠵᠤ᠂ 190 ᠠᠵᠤ | ᠠᠬᠤᠶᠢᠯᠠᠯ ᠳᠤ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ | ᠲᠦᠷᠦᠯ ᠵᠦᠢᠯ ᠢ ᠪᠡᠶᠡᠯᠡᠭᠦᠯᠦᠭᠰᠡᠨ ᠤ ᠳᠠᠷᠠᠭᠠᠬᠢ ᠨᠦᠬᠦᠪᠦᠷᠢ ᠶᠢ 2979.8 ᠲᠦᠮᠡᠨ ᠲᠥᠭᠦᠷᠢᠭ ᠣᠯᠭᠤᠵᠤ᠂ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠪᠡ᠃ | 2022 ᠣᠨ ᠳᠤ᠂ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠡᠳ᠋ ᠤᠨ | ᠵᠠᠰᠠᠭ᠂ ᠭᠠᠶᠢᠯᠢ ᠶᠢᠨ ᠶᠠᠪᠤᠳᠠᠯ᠂ ᠲᠤᠭ᠎ᠠ ᠪᠦᠷᠢᠳᠬᠡᠯ ᠵᠡᠷᠭᠡ ᠣᠯᠠᠨ ᠰᠠᠯᠠᠭ᠎ᠠ ᠮᠥᠴᠢᠷ ᠲᠠᠢ ᠢᠳᠡᠪᠬᠢᠲᠡᠶ | ᠬᠤᠯᠪᠣᠭᠠᠯᠠᠨ ᠬᠥᠳᠡᠯᠦᠯᠴᠡᠵᠦ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠱᠠᠩᠨᠠᠯ ᠨᠥᠬᠦᠪᠥᠷᠢ ᠤᠯᠭᠤᠬᠤ ᠵᠡᠷᠭᠡ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠷᠢᠯᠢᠭ ᠵᠦᠪ ᠤᠨᠤᠪᠴᠢᠳᠠᠢ ᠤᠬᠠᠭᠤᠯᠤᠨ ᠲᠠᠶᠢᠯᠪᠤᠷᠢᠯᠠᠵᠤ᠂ | ᠲᠥᠷᠥ ᠶᠢᠨ ᠪᠣᠳᠣᠯᠭ᠎ᠠ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ ᠢᠳᠡᠪᠬᠢᠲᠡᠶ ᠣᠯᠭᠤᠪᠠ᠃ | ᠲᠠᠨᠢᠯᠴᠠᠭᠤᠯᠤᠭᠰᠠᠨ ᠢᠶᠠᠷ᠂ ᠨᠢᠳᠤᠨᠤᠨ ᠮᠠᠨ ᠤ ᠬᠤᠲᠠ ᠡᠯ᠎ᠡ ᠵᠦᠢᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠲᠥᠷᠥ ᠶᠢᠨ ᠪᠣᠳᠣᠯᠭ᠎ᠠ ᠪᠠᠷ ᠳᠠᠮᠵᠢᠭᠤᠯᠤᠨ᠂ ᠰᠢᠨ᠎ᠡ ᠶᠢ ᠡᠭᠦᠳᠬᠦ ᠬᠡᠯᠪᠡᠷᠢ ᠶᠢᠨ ᠠᠵᠤ | ᠠᠬᠤᠶᠢᠯᠠᠯ ᠳᠤ 2700 ᠭᠠᠷᠤᠶ ᠲᠦᠮᠡᠨ ᠲᠥᠭᠦᠷᠢᠭ ᠤᠨ ᠱᠠᠩᠨᠠᠯ ᠨᠥᠬᠦᠪᠥᠷᠢ ᠣᠯᠭᠤᠵᠤ᠂ ᠨᠡᠶᠢᠭᠡᠮ ᠳᠠᠶᠠᠭᠠᠷ ᠲᠤ | ᠰᠢᠨ᠎ᠡ ᠶᠢ ᠡᠭᠦᠳᠬᠦ ᠠᠭᠤᠷ ᠠᠮᠢᠰᠬᠤᠯ ᠢ ᠪᠣᠶ ᠪᠣᠯᠭᠠᠵᠤ᠂ ᠰᠢᠨ᠎ᠡ ᠶᠢ ᠡᠭᠦᠳᠬᠦ ᠭᠤᠤᠯ ᠴᠣᠭᠴᠠ ᠶᠢᠨ ᠰᠤᠳᠤᠯᠤᠨ | ᠨᠡᠭᠡᠭᠡᠬᠦ ᠣᠷᠣᠭᠤᠯᠤᠯᠲᠠ ᠬᠢᠬᠦ ᠢᠳᠡᠪᠬᠢᠵᠢᠯ ᠢ ᠪᠦᠲᠦᠮᠵᠢᠲᠡᠢ ᠳᠠᠶᠢᠴᠢᠯᠠᠪᠠ᠃ ᠡᠭᠦᠨ ᠤ ᠬᠠᠮᠲᠤ᠂ ᠡᠳ᠋ ᠤᠨ | ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠢ ᠲᠠᠰᠤᠷᠠᠯᠲᠠ ᠥᠬᠡᠶ ᠨᠡᠮᠡᠭᠳᠡᠭᠦᠯᠵᠦ᠂ ᠳᠡᠭᠡᠳᠦ | ᠱᠠᠲᠤᠨ ᠤ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠳᠠᠯ ᠢ ᠴᠢᠷᠮᠠᠶᠢᠨ ᠣᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠭᠤᠯᠤᠯᠲᠠ ᠶᠢᠨ ᠪᠦᠲᠦᠴᠡ ᠵᠢᠴᠢ ᠴᠢᠭᠯᠡᠯ ᠢ ᠰᠢᠯᠢᠳᠡᠭᠵᠢᠭᠦᠯᠵᠦ᠂ | 2022 ᠣᠨ ᠳᠤ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠪᠠᠯᠠ ᠮᠥᠩᠭᠦ ᠶᠢ | ᠨᠡᠶᠢᠲᠡ 28150 ᠲᠦᠮᠡᠨ ᠲᠥᠭᠦᠷᠢᠭ ᠣᠯᠵᠤ᠂ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠪᠠᠯᠠ | ᠮᠥᠩᠭᠦ ᠶᠢ 5650 ᠲᠦᠮᠡ ᠭᠠᠷᠤᠶ ᠲᠥᠭᠦᠷᠢᠭ ᠣᠷᠣᠭᠤᠯᠵᠤ᠂ ᠠᠵᠤ ᠠᠬᠤᠶᠢᠯᠠᠯ ᠢ ᠳᠠᠶᠢᠴᠢᠯᠠᠨ 6 ᠳ᠋ᠦᠩᠰᠢᠭᠤᠷ | ᠭᠠᠷᠤᠶ ᠲᠥᠭᠦᠷᠢᠭ ᠤᠨ ᠣᠷᠣᠭᠤᠯᠤᠯᠲᠠ ᠶᠢ ᠪᠡᠶᠡᠯᠡᠭᠦᠯᠦᠭᠰᠡᠨ ᠪᠠᠶᠢᠨ᠎ᠠ᠃ | ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ |