ᠴᠢᠩ ᠱᠦᠢ ᠾᠧ ᠰᠢᠶᠠᠨ᠄ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠲᠦᠯᠬᠢᠨ ᠠᠬᠢᠭᠤᠯᠤᠨ᠎ᠠ
ᠨᠡᠶᠢᠲᠡᠯᠡᠭᠰᠡᠨ ᠴᠠᠭ᠄
2023/5/15
     5 ᠳ᠋ᠤᠭᠠᠷ ᠰᠠᠷ᠎ᠠ ᠶᠢᠨ 12 ᠤᠨ ᠡᠳᠦᠷ᠂ ᠴᠢᠩ ᠱᠦᠢ ᠾᠧ ᠰᠢᠶᠠᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ ᠬᠤᠷᠠᠯᠳᠤᠭᠠᠨ ᠵᠢᠴᠢ ᠰᠡᠷᠡᠮᠵᠢᠯᠡᠭᠦᠯᠬᠦ ᠬᠥᠮᠦᠵᠢᠯ ᠤᠨ ᠶᠡᠭᠡ ᠬᠤᠷᠠᠯ ᠢ ᠬᠤᠷᠠᠯᠳᠤᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠷᠥ ᠶᠢᠨ ᠶᠠᠪᠤᠳᠠᠯ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠠᠵᠢᠯ ᠢ ᠰᠤᠳᠤᠯᠤᠨ ᠪᠠᠶᠢᠷᠢᠯᠠᠭᠤᠯᠪᠠ᠃ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
     ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠴᠧᠨ ᠬᠤᠷᠴᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠲᠥᠪ ᠴᠢᠩᠭ᠎ᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢᠶᠠᠷ ᠰᠤᠷᠲᠠᠯ ᠤᠨ ᠬᠤᠪᠢᠷᠠᠯᠲᠠ ᠪᠣᠯᠣᠨ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠨᠠᠶᠢᠳᠠᠪᠤᠷᠢᠵᠢᠭᠤᠯᠤᠯᠲᠠ ᠶᠢ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠠᠵᠤ ᠦᠢᠯᠡᠰ ᠢ ᠠᠳᠬᠤᠬᠤ᠂ ᠲᠦᠷᠦᠯ ᠵᠦᠢᠯ ᠢ ᠠᠳᠬᠤᠬᠤ᠂ ᠬᠥᠭᠵᠢᠯᠲᠡ ᠶᠢ ᠠᠬᠢᠭᠤᠯᠬᠤ ᠳᠤ ᠦᠨᠡᠨᠬᠦ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ︔ᠰᠢᠯᠢᠳᠡᠭ ᠰᠤᠷᠲᠠᠯ ᠢ ᠪᠠᠳᠠᠷᠠᠭᠤᠯᠬᠤ ᠪᠠᠷ ᠰᠢᠨᠲᠠᠷᠠᠰᠢ ᠦᠭᠡᠢ ᠴᠢᠷᠮᠠᠶᠢᠬᠤ ᠬᠡᠷᠡᠭᠲᠡᠢ᠂ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠡᠷᠡᠰ ᠭᠤᠶᠢᠪᠢᠰᠢ ᠦᠭᠡᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠮᠡᠷᠭᠡᠨ ᠬᠥᠮᠥᠨ ᠪᠣᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠵᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠶᠠᠷ ᠲᠠᠯ᠎ᠠ ᠶᠢ ᠠᠳᠬᠤᠬᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠴᠢᠩ ᠱᠦᠢ ᠾᠧ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1