ᠴᠢᠩ ᠱᠦᠢ ᠾᠧ ᠰᠢᠶᠠᠨ᠄ ᠥᠨᠳᠥᠷ ᠲᠦᠪᠰᠢᠨ ᠲᠠᠢ ᠲᠥᠯᠦᠪᠵᠢᠭᠦᠯᠭᠡ ᠵᠢᠷᠤᠭ ᠲᠥᠯᠥᠪᠯᠡᠭᠡ ᠶᠢ ᠪᠠᠷᠢᠮᠲᠠᠯᠠᠵᠤ ᠴᠢᠨᠠᠷ ᠰᠠᠶᠢᠲᠠᠢ ᠬᠤᠳᠠ ᠶᠢᠨ ᠪᠦᠲᠦᠭᠡᠨ ᠪᠠᠶᠢᠭᠤᠯᠤᠯᠲᠠ ᠶᠢ ᠬᠥᠲᠥᠯᠥᠨ ᠳᠠᠭᠠᠭᠤᠯᠤᠨ᠎ᠠ
ᠨᠡᠶᠢᠲᠡᠯᠡᠭᠰᠡᠨ ᠴᠠᠭ᠄
2023/5/15
     ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠪᠣᠯ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠥᠭᠵᠢᠯᠲᠡ ᠶᠢᠨ ᠵᠦᠭᠯᠡᠭᠦᠷ᠂ ᠦᠷᠭᠦᠯᠵᠢᠯᠡᠬᠦ ᠬᠥᠭᠵᠢᠯᠲᠡ ᠶᠢᠨ ᠣᠷᠣᠨ ᠵᠠᠢ ᠶᠢᠨ ᠵᠢᠷᠤᠭ ᠲᠥᠯᠥᠪᠯᠡᠭᠡ ᠮᠥᠨ᠂ ᠡᠯ᠎ᠡ ᠲᠦᠷᠦᠯ ᠤᠨ ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢᠨ ᠦᠨᠳᠦᠰᠦᠯᠡᠯ ᠮᠥᠨ᠃ᠲᠥᠯᠦᠪᠵᠢᠭᠦᠯᠭᠡ ᠶᠢᠨ ᠠᠭᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠯᠦᠪᠵᠢᠭᠦᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠥᠯᠦᠪᠵᠢᠭᠦᠯᠭᠡ ᠶᠢᠨ ᠬᠡᠷᠡᠭᠵᠢᠭᠦᠯᠬᠦ ᠴᠢᠨᠠᠷ ᠢ ᠨᠡᠮᠡᠭᠳᠡᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 11 ᠤ ᠡᠳᠦᠷ᠂ ᠴᠢᠩ ᠱᠦᠢ ᠾᠧ ᠰᠢᠶᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ︵2021 ︱ 2035 ᠣᠨ︶ ᠶᠢᠨ ᠰᠠᠨᠠᠯ ᠬᠤᠷᠢᠶᠠᠬᠤ ᠬᠤᠷᠠᠯ ᠬᠤᠷᠠᠯᠳᠤᠭᠤᠯᠪᠠ᠃
     ᠬᠤᠷᠠᠯ ᠳᠡᠭᠡᠷ᠎ᠡ᠂ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠨᠢᠭᠡᠴᠡ ᠠᠴᠠ ᠴᠢᠩ ᠱᠦᠢ ᠾᠧ ᠰᠢᠶᠠᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠲᠥᠰᠥᠯ ᠤᠨ ᠲᠤᠬᠠᠢ ᠨᠠᠷᠢᠨ ᠲᠣᠳᠣᠷᠬᠠᠢ ᠬᠠᠷᠢᠭᠤ ᠮᠡᠳᠡᠭᠦᠯᠦᠯᠲᠡ ᠬᠢᠵᠦ᠂ ᠡᠯ᠎ᠡ ᠵᠥᠪᠯᠡᠯ ᠠᠯᠪᠠᠨ ᠭᠡᠷ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠬᠦᠷᠢᠶ᠎ᠡ ᠬᠡᠪᠴᠢᠶ᠎ᠡ ᠬᠤᠪᠢᠶᠠᠨ ᠪᠣᠳᠠᠲᠠᠢ ᠰᠡᠳᠬᠢᠴᠡ ᠪᠠ ᠲᠣᠬᠢᠷᠠᠭᠤᠯᠤᠯᠲᠠ ᠬᠢᠬᠦ ᠰᠠᠨᠠᠯ ᠳᠤᠷᠠᠳᠴᠤ᠂ ᠲᠥᠯᠦᠪᠵᠢᠭᠦᠯᠭᠡ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠤᠯᠠᠮ ᠴᠢᠨᠠᠭᠰᠢᠳᠠ ᠳᠡᠭᠡᠭᠰᠢᠯᠡᠭᠦᠯᠵᠡᠢ᠃      ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠤ ᠬᠢᠨ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ᠂ ᠪᠦᠬᠦ ᠤᠯᠤᠰ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠭᠠᠯᠲᠠ ᠶᠢᠨ ᠰᠠᠭᠤᠷᠢᠨ ᠢ ᠪᠠᠶᠢᠭᠤᠯᠬᠤ᠂ ᠪᠦᠬᠦ ᠤᠯᠤᠰ ᠤᠨ ᠣᠳᠣᠬᠢᠴᠢᠯᠠᠭᠰᠠᠨ ᠠᠵᠤ ᠦᠢᠯᠡᠳᠪᠦᠷᠢ ᠪᠣᠯᠣᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠢ ᠪᠠᠶᠢᠭᠤᠯᠬᠤ᠂ ᠴᠡᠪᠡᠷ ᠡᠨᠧᠷᠭᠢ ᠶᠢᠨ ᠦᠢᠯᠡᠳᠪᠦᠷᠢᠯᠡᠯ ᠤᠨ ᠰᠠᠭᠤᠷᠢᠨ ᠢ ᠪᠠᠶᠢᠭᠤᠯᠬᠤ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠢ ᠪᠠᠶᠢᠭᠤᠯᠬᠤ ᠵᠢᠴᠢ ᠤᠷᠳᠤ ᠴᠠᠭᠠᠨ ᠬᠡᠷᠡᠮ ᠢ ᠪᠠᠶᠢᠭᠤᠯᠬᠤ᠂ ᠬᠠᠳᠤᠨ ᠭᠤᠣᠯ ᠢ ᠪᠦᠬᠦ ᠤᠯᠤᠰ ᠤᠨ ᠵᠢᠭᠤᠯᠴᠢᠯᠠᠯ ᠬᠠᠷᠠᠯᠲᠠᠲᠤ ᠣᠷᠣᠨ ᠪᠠ ᠠᠮᠠᠷᠠᠯᠲᠠ ᠶᠢᠨ ᠣᠷᠣᠨ ᠪᠣᠯᠭᠠᠬᠤ ᠪᠠᠷ ᠬᠠᠷᠠᠯᠲᠠ ᠪᠠᠨ ᠪᠣᠯᠭᠠᠵᠠᠢ᠃ ᠤᠷᠢᠳᠴᠢᠯᠠᠭᠰᠠᠨ ᠬᠠᠷᠠᠴᠠ᠂ ᠬᠥᠭᠵᠢᠯᠲᠡ ᠶᠢᠨ ᠵᠣᠭᠰᠣᠯᠲᠠ ᠪᠠᠷ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠭᠵᠢᠯᠲᠡ ᠶᠢᠨ ᠬᠠᠷᠠᠯᠲᠠ᠂ ᠪᠠᠶᠢᠷᠢ ᠲᠣᠭᠲᠠᠭᠠᠯᠲᠠ ᠪᠠ ᠡᠭᠦᠷᠭᠡ ᠴᠢᠳᠠᠪᠬᠢ ᠶᠢ ᠲᠣᠳᠣᠷᠬᠠᠶᠢᠯᠠᠪᠠ᠃ᠬᠤᠳᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠵᠡᠭᠦᠨᠰᠢ ᠡᠵᠡᠮᠳᠡᠬᠦ᠂ ᠪᠠᠷᠠᠭᠤᠨᠰᠢ ᠰᠢᠯᠢᠳᠡᠭᠴᠢᠯᠡᠬᠦ᠂ ᠤᠮᠠᠷᠠᠰᠢ ᠨᠣᠭᠤᠭᠠᠷᠠᠭᠤᠯᠬᠤ᠂ ᠡᠮᠦᠨᠡᠰᠢ ᠭᠤᠶᠣᠵᠢᠭᠤᠯᠬᠤ᠂ ᠳᠤᠮᠳᠠ ᠪᠠᠨ ᠰᠠᠷᠠᠭᠤᠯ᠂ ᠬᠤᠳᠠ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠩ ᠢᠯᠡᠭᠦᠦ ᠨᠡᠶᠢᠴᠡᠭᠦᠯᠬᠦ ᠶᠢ ᠦᠨᠡᠨ ᠬᠦ ᠪᠠᠲᠤᠯᠠᠬᠤ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1