︵ᠰᠤᠷᠪᠤᠯᠵᠢᠯᠠᠭᠴᠢ ᠴᠢ ᠰᠢᠶᠣᠣ ᠶᠠᠨ︶ ᠡᠮ ᠲᠠᠩ ᠬᠡᠷᠡᠭᠯᠡᠬᠦ ᠠᠵᠢᠯᠯᠠᠭ᠎ᠠ ᠶᠢ ᠤᠯᠠᠮ ᠨᠢᠭᠡ ᠠᠯᠬᠤᠮ | ᠵᠢᠷᠤᠮᠵᠢᠭᠤᠯᠵᠤ᠂ ᠪᠥᠬᠦ ᠬᠤᠲᠠ ᠶᠢᠨ ᠠᠷᠠᠳ ᠲᠦᠮᠡᠨ ᠤ ᠡᠮ ᠬᠡᠷᠡᠭᠯᠡᠬᠦ ᠠᠶᠤᠯᠭᠦᠢ ᠶᠢ ᠦᠨᠡᠨ ᠬᠦ ᠪᠠᠲᠤᠯᠠᠬᠤ ᠶᠢᠨ | ᠲᠥᠯᠥᠭᠡ᠂ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ | ᠰᠢᠶᠠᠨ ︵ᠲᠣᠭᠤᠷᠢᠭ︶᠂ ᠰᠢᠶᠠᠩ ︵ᠪᠠᠯᠭᠠᠰᠤ︶ ᠤᠨ ᠱᠠᠲᠤᠨ ᠤ ᠦᠨᠳᠦᠰᠦᠨ ᠱᠠᠲᠤᠨ ᠤ ᠡᠮᠴᠢᠯᠡᠭᠡᠨ ᠤ | ᠪᠠᠶᠢᠭᠤᠯᠤᠮᠵᠢ ᠶᠢᠨ ᠡᠮ ᠤᠨ ᠵᠦᠢᠯ ᠤᠨ ᠬᠡᠷᠡᠭᠯᠡᠯᠲᠡ ᠳᠤ ᠲᠤᠰᠬᠠᠢ ᠰᠢᠮᠳᠠᠭᠤᠯᠤᠨ ᠪᠠᠶᠢᠴᠠᠭᠠᠯᠲᠠ ᠥᠷᠨᠢᠭᠦᠯᠪᠡ᠃ | ᠰᠢᠮᠳᠠᠭᠤᠯᠤᠨ ᠪᠠᠶᠢᠴᠠᠭᠠᠬᠤ ᠳᠤ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠠᠶᠤᠯ ᠲᠦᠭᠰᠢᠭᠦᠷᠢ ᠶᠢ | ᠬᠠᠮᠢᠶᠠᠷᠤᠨ ᠡᠵᠡᠮᠳᠡᠬᠦ ᠵᠠᠷᠴᠢᠮ ᠢ ᠪᠠᠷᠢᠮᠲᠠᠯᠠᠵᠤ᠂ ᠦᠨᠳᠦᠰᠦᠨ ᠱᠠᠲᠤᠨ ᠳᠤ ᠰᠢᠭᠤᠳ ᠬᠦᠷᠴᠦ᠂ ᠲᠤᠬᠠᠢ ᠶᠢᠨ | ᠲᠠᠯᠠᠪᠤᠷ ᠲᠤ ᠰᠢᠭᠤᠳ ᠣᠷᠣᠬᠤ ᠠᠷᠭ᠎ᠠ ᠮᠠᠶ᠋ᠢᠭ ᠢ ᠠᠪᠴᠤ᠂ ᠰᠢᠶᠠᠩ ᠪᠠᠯᠭᠠᠰᠤ ᠵᠢᠴᠢ ᠬᠤᠲᠠ ᠬᠥᠳᠡᠭᠡ ᠶᠢᠨ | ᠠᠭᠤᠯᠵᠠᠷ ᠭᠠᠵᠠᠷ ᠵᠡᠷᠭᠡ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠡᠮᠴᠢᠯᠡᠭᠡᠨ ᠤ ᠪᠠᠶᠢᠭᠤᠯᠤᠮᠵᠢ ᠶᠢᠨ | ᠡᠮ ᠤᠨ ᠵᠦᠢᠯ ᠢ ᠣᠷᠣᠭᠤᠯᠬᠤ ᠳᠠᠭᠠᠨ ᠰᠢᠯᠭᠠᠨ ᠠᠪᠬᠤ᠂ ᠬᠠᠳᠠᠭᠠᠯᠠᠵᠤ ᠠᠷᠠᠴᠢᠯᠠᠨ ᠬᠠᠮᠠᠭᠠᠯᠠᠬᠤ᠂ ᠲᠣᠬᠢᠷᠠᠭᠤᠯᠤᠨ | ᠬᠡᠷᠡᠭᠯᠡᠬᠦ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠵᠤ᠂ ᠰᠢᠮᠳᠠᠭᠤᠯᠤᠨ ᠪᠠᠶᠢᠴᠠᠭᠠᠬᠤ ᠳᠤᠮᠳᠠ | ᠣᠯᠵᠤ ᠮᠡᠳᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠭᠰᠡᠳ ᠤᠨ ᠬᠠᠮᠢᠶᠠᠷᠤᠯᠲᠠ ᠨᠢ ᠪᠣᠳᠠᠲᠠᠶᠢᠵᠢᠭᠰᠠᠨ | ᠦᠭᠡᠢ᠂ ᠡᠮ ᠤᠨ ᠵᠦᠢᠯ ᠤᠨ ᠶᠠᠰᠤ ᠴᠢᠨᠠᠷ ᠤᠨ ᠬᠠᠮᠢᠶᠠᠷᠤᠯᠲᠠ ᠨᠢ ᠵᠢᠷᠤᠮᠵᠢᠯ ᠦᠭᠡᠢ ᠵᠡᠷᠭᠡ ᠬᠠᠮᠢᠶᠠᠷᠤᠯᠲᠠ ᠶᠢᠨ | ᠲᠦᠭᠰᠢᠭᠦᠷᠢ ᠪᠠ ᠠᠰᠠᠭᠤᠳᠠᠯ ᠢ ᠳᠠᠷᠤᠶᠢᠬᠠᠨ ᠵᠠᠯᠠᠷᠠᠭᠤᠯᠬᠤ ᠶᠢ ᠱᠠᠭᠠᠷᠳᠠᠬᠤ ᠶᠢᠨ ᠬᠠᠮᠲᠤ᠂ ᠬᠠᠷᠢᠶ᠎ᠠ ᠭᠠᠵᠠᠷ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠮᠡᠳᠡᠭᠳᠡᠵᠦ ᠬᠢᠨᠠᠯᠲᠠ ᠲᠠᠯᠪᠢᠨ | ᠨᠠᠶᠢᠳᠠᠪᠤᠷᠢᠵᠢᠭᠤᠯᠬᠤ ᠶᠢ ᠱᠠᠭᠠᠷᠳᠠᠵᠠᠢ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ | ᠵᠦᠢᠯ ᠢ ᠣᠷᠣᠭᠤᠯᠬᠤ ᠠᠷᠭ᠎ᠠ ᠵᠠᠮ ᠤᠨ ᠬᠠᠤᠯᠢ ᠶᠣᠰᠣᠨ ᠳᠤ ᠨᠡᠶᠢᠴᠡᠬᠦ᠂ ᠬᠠᠳᠠᠭᠠᠯᠠᠬᠤ ᠨᠥᠬᠦᠴᠡᠯ ᠨᠢ | ᠲᠣᠭᠲᠠᠭᠠᠯ ᠳᠤ ᠨᠡᠶᠢᠴᠡᠬᠦ᠂ ᠫᠢᠶᠣᠣ ᠪᠠᠷᠢᠮᠲᠠ ᠶᠢᠨ ᠲᠡᠮᠳᠡᠭᠯᠡᠯ ᠨᠢ ᠪᠦᠷᠢᠨ ᠪᠦᠲᠦᠨ ᠪᠠᠶᠢᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ | ᠲᠠᠷᠠᠭᠠᠴᠢ ᠶᠢᠨ ᠠᠯᠬᠤᠮ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠤᠨ ᠠᠶᠤᠯᠭᠦᠢ ᠶᠢᠨ | ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠮ ᠤᠨ ᠵᠦᠢᠯ ᠢ ᠬᠡᠷᠡᠭᠯᠡᠬᠦ ᠵᠠᠩᠭᠢᠯᠠᠭ᠎ᠠ ᠶᠢᠨ ᠠᠶᠤᠯ | ᠲᠦᠭᠰᠢᠭᠦᠷᠢ ᠶᠢᠨ ᠳᠠᠯᠳᠠ ᠬᠡᠮ ᠢ ᠦᠷᠭᠦᠯᠵᠢᠯᠡᠨ ᠪᠠᠶᠢᠴᠠᠭᠠᠨ ᠠᠷᠢᠯᠭᠠᠵᠤ᠂ ᠬᠤᠳᠠᠯᠳᠤᠨ ᠠᠪᠬᠤ᠂ ᠰᠢᠯᠭᠠᠨ | ᠠᠪᠬᠤ᠂ ᠬᠠᠳᠠᠭᠠᠯᠠᠬᠤ ᠵᠠᠩᠭᠢᠯᠠᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ | ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ |