ᠬᠤᠲᠠ ᠰᠢᠶᠠᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢ ᠮᠢᠨ ᠪᠠᠭ᠎ᠠ ᠲᠣᠭᠤᠷᠢᠭ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠬᠦᠷᠢᠶᠡᠯᠡᠩ ᠳᠤ ᠬᠦᠷᠴᠦ ︽ᠳᠡᠯᠡᠬᠡᠢ ᠶᠢᠨ ᠭᠡᠷ ᠪᠦᠯᠢ ᠶᠢᠨ ᠡᠳᠦᠷ︾ ᠤᠨ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/16
     2023 ᠣᠨ ᠤ 5 ᠳ᠋ᠤᠭᠠᠷ ᠰᠠᠷ᠎ᠠ ᠶᠢᠨ 15 ᠤ ᠡᠳᠦᠷ ᠪᠣᠯ ᠭᠤᠴᠢᠳᠤᠭᠠᠷ ︽ᠳᠡᠯᠡᠬᠡᠢ ᠶᠢᠨ ᠭᠡᠷ ᠪᠦᠯᠢ ᠶᠢᠨ ᠡᠳᠦᠷ︾ ᠪᠣᠯᠣᠨ᠎ᠠ᠂ ᠥᠷᠭᠡᠨ ᠣᠯᠠᠨ ᠭᠡᠷ ᠪᠦᠯᠢ ᠶᠢᠨ ᠪᠦᠷᠢᠯᠳᠦᠭᠦᠨ ᠬᠠᠮᠲᠤ ᠪᠠᠷ ᠭᠡᠷ ᠪᠦᠯᠢ ᠪᠠᠨ ᠰᠠᠶᠢᠲᠤᠷ ᠪᠦᠲᠦᠭᠡᠨ ᠪᠠᠶᠢᠭᠤᠯᠬᠤ ᠶᠢ ᠤᠯᠠᠮ ᠨᠢᠭᠡ ᠠᠯᠬᠤᠮ ᠬᠥᠲᠥᠯᠥᠨ ᠵᠢᠯᠤᠭᠤᠳᠴᠤ᠂ ᠭᠡᠷ ᠤᠨ ᠰᠤᠷᠭᠠᠯ ᠢ ᠰᠠᠶᠢᠲᠤᠷ ᠤᠯᠠᠮᠵᠢᠯᠠᠨ ᠵᠠᠯᠭᠠᠮᠵᠢᠯᠠᠵᠤ᠂ ᠭᠡᠷ ᠤᠨ ᠰᠤᠷᠲᠠᠯ ᠢ ᠰᠠᠶᠢᠲᠤᠷ ᠪᠠᠳᠠᠷᠠᠭᠤᠯᠤᠨ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠢ ᠬᠠᠯᠠᠮᠵᠢᠯᠠᠨ ᠬᠠᠶᠢᠷᠠᠯᠠᠬᠤ ᠶᠢᠨ ᠲᠤᠰᠠᠳᠠ᠂ ᠲᠤᠬᠠᠢ ᠶᠢᠨ ᠡᠳᠦᠷ᠂ ᠬᠤᠲᠠ ᠰᠢᠶᠠᠨ ᠤ ᠬᠤᠶᠠᠷ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠢ ᠮᠢᠨ ᠪᠠᠭ᠎ᠠ ᠲᠣᠭᠤᠷᠢᠭ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠬᠦᠷᠢᠶᠡᠯᠡᠩ ᠳᠤ ᠬᠦᠷᠴᠦ᠂ ︽ᠰᠤᠷᠲᠠᠯ ᠤᠨ ᠲᠡᠷᠢᠭᠦᠨ ᠠᠨᠤ ᠠᠴᠢᠯᠠᠯ ᠨᠠᠰᠤᠲᠠᠨ ᠤ ᠰᠡᠳᠬᠢᠯ ᠢ ᠳᠤᠯᠠᠭᠠᠴᠠᠭᠤᠯᠬᠤ︾ ᠣᠯᠠᠨ ᠤᠯᠤᠰ ᠤᠨ ᠭᠡᠷ ᠪᠦᠯᠢ ᠶᠢᠨ ᠡᠳᠦᠷ ᠤᠨ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠡᠮᠴᠢ ᠰᠤᠪᠢᠯᠠᠭᠴᠢᠳ ᠬᠠᠷᠢᠯᠴᠠᠨ ᠬᠠᠪᠰᠤᠷᠤᠯᠴᠠᠬᠤ ᠵᠣᠯ ᠵᠢᠷᠭᠠᠯᠲᠤ ᠬᠦᠷᠢᠶᠡᠯᠡᠩ ᠳᠤ ᠰᠠᠭᠤᠵᠤ ᠪᠠᠶᠢᠭ᠎ᠠ ᠨᠠᠰᠤᠲᠠᠶᠢᠴᠤᠳ ᠲᠤ ᠠᠯᠪᠠᠨ ᠵᠢᠷᠤᠮ ᠤᠨ ᠡᠮᠴᠢᠯᠡᠭᠡ ᠬᠢᠬᠦ ᠶᠢᠨ ᠬᠠᠮᠲᠤ ᠵᠦᠢ ᠵᠣᠬᠢᠰᠲᠠᠢ ᠬᠤᠭᠤᠯᠠ ᠤᠮᠳᠠ᠂ ᠵᠣᠬᠢᠬᠤ ᠬᠡᠮᠵᠢᠶᠡᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ᠂ ᠲᠠᠮᠠᠬᠢ ᠲᠠᠲᠠᠬᠤ ᠪᠠᠨ ᠵᠣᠭᠰᠣᠬᠤ᠂ ᠰᠡᠳᠬᠢᠯ ᠰᠠᠨᠠᠭᠠᠨ ᠤ ᠲᠡᠩᠴᠡᠭᠦᠷᠢ ᠵᠡᠷᠭᠡ ᠲᠠᠯ᠎ᠠ ᠪᠠᠷ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠵᠡᠢ᠃ᠡᠭᠦᠨ ᠤ ᠬᠠᠮᠲᠤ ᠪᠠᠰᠠ ᠠᠮᠢᠳᠤᠷᠠᠯ ᠨᠢ ᠬᠦᠴᠢᠷᠳᠡᠯ ᠲᠠᠢ ᠨᠠᠰᠤᠲᠠᠶᠢᠴᠤᠳ ᠪᠠ ᠵᠠᠭᠤᠨ ᠨᠠᠰᠤᠲᠠᠢ ᠨᠠᠰᠤᠲᠠᠶᠢᠴᠤᠳ ᠢ ᠲᠣᠬᠤᠨᠢᠭᠤᠯᠵᠤ᠂ ᠨᠠᠰᠤᠲᠠᠨ ᠤ ᠦᠷ᠎ᠡ ᠬᠡᠦᠬᠡᠳ ᠲᠤ ᠢᠯᠡᠭᠦᠬᠡᠨ ᠠᠴᠢᠯᠠᠯᠲᠤ ᠰᠡᠳᠬᠢᠯ ᠢᠶᠠᠷ ᠨᠠᠰᠤᠲᠠᠨ ᠢ ᠰᠠᠶᠢᠲᠤᠷ ᠬᠠᠷᠠᠭᠠᠯᠵᠠᠵᠤ᠂ ᠨᠠᠰᠤᠲᠠᠨ ᠢ ᠥᠲᠡᠯᠪᠡᠯ ᠠᠰᠠᠷᠠᠮᠵᠢ ᠲᠠᠢ᠂ ᠥᠲᠡᠯᠪᠡᠯ ᠪᠠᠶᠠᠷ ᠴᠡᠩᠭᠡᠯ ᠲᠠᠢ ᠪᠠᠶᠢᠯᠭᠠᠵᠤ᠂ ᠥᠲᠡᠯᠦᠭᠡ ᠨᠠᠰᠤ ᠶᠢ ᠨᠢ ᠠᠮᠤᠷ ᠵᠢᠮᠤᠷ ᠥᠩᠭᠡᠷᠡᠭᠦᠯᠬᠦ ᠶᠢ ᠵᠠᠬᠢᠪᠠ᠃      ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠢᠨ ᠨᠠᠰᠤᠲᠠᠶᠢᠴᠤᠳ ᠲᠤ ᠨᠠᠷᠢᠯᠢᠭᠵᠢᠭᠰᠠᠨ᠂ ᠬᠥᠮᠥᠨᠴᠢᠯᠡᠭᠰᠡᠨ᠂ ᠲᠤᠰᠬᠠᠶᠢᠵᠢᠭᠰᠠᠨ᠂ ᠵᠢᠷᠤᠮᠵᠢᠭᠰᠠᠨ ᠦᠢᠯᠡᠴᠢᠯᠡᠭᠡ ᠬᠠᠩᠭᠠᠬᠤ ᠪᠠᠷ ᠬᠦᠴᠦᠯᠡᠨ ᠴᠢᠷᠮᠠᠶᠢᠵᠤ᠂ ︽ᠨᠠᠰᠤᠲᠠᠶᠢᠴᠤᠳ ᠤᠨ ᠡᠷᠡᠭᠦᠯ ᠴᠢᠭᠢᠷᠠᠭ ᠠᠮᠢ ᠨᠠᠰᠤ ᠶᠢ ᠪᠦᠲᠦᠮᠵᠢᠲᠡᠢ ᠤᠷᠲᠤᠳᠬᠠᠬᠤ︾ ᠪᠠᠷ ᠡᠭᠦᠷᠭᠡ ᠪᠠᠨ ᠪᠣᠯᠭᠠᠵᠤ᠂ ᠨᠠᠰᠤᠲᠠᠶᠢᠴᠤᠳ ᠢ ᠭᠦᠢᠴᠡᠳ ᠬᠦᠨᠳᠦᠳᠬᠡᠵᠦ᠂ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ᠂ ᠨᠠᠰᠤᠲᠠᠶᠢᠴᠤᠳ ᠤᠨ ᠥᠲᠡᠯᠦᠭᠡ ᠨᠠᠰᠤᠨ ᠤ ᠵᠣᠯ ᠵᠢᠷᠭᠠᠯᠲᠤ ᠠᠮᠢᠳᠤᠷᠠᠯ ᠢ ᠪᠠᠶᠠᠯᠢᠭᠵᠢᠭᠤᠯᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ᠂ ᠥᠭᠡᠳᠡᠯᠡᠨ ᠳᠠᠪᠰᠢᠵᠤ ᠪᠤᠶᠠᠨ ᠦᠢᠯᠡᠳᠬᠦ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠵᠠᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1