︽ᠭᠡᠷ᠎ᠡ ᠪᠠᠶᠢᠭᠤᠯᠤᠨ ᠡᠷᠡᠭᠦᠯ ᠮᠡᠨᠳᠦ ᠶᠢ ᠬᠠᠮᠲᠤᠪᠠᠷ ᠡᠳ᠋ᠯᠡᠶ᠎ᠡ︾︱ ᠴᠢᠩ ᠱᠦᠢ ᠾᠧ ᠰᠢᠶᠠᠨ︽5·19︾ ᠤ ᠳᠡᠯᠡᠬᠡᠢ ᠶᠢᠨ ᠭᠡᠷ ᠪᠦᠯᠢ ᠶᠢᠨ ᠡᠮᠴᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/17
     ᠡᠨᠡ ᠵᠢᠯ ᠤᠨ 5 ᠳ᠋ᠤᠭᠠᠷ ᠰᠠᠷ᠎ᠠ ᠶᠢᠨ 19 ᠤ ᠡᠳᠦᠷ ᠪᠣᠯ 13 ᠳ᠋ᠤᠭᠠᠷ ᠤᠳᠠᠭᠠᠨ ᠤ ︽ᠳᠡᠯᠡᠬᠡᠢ ᠶᠢᠨ ᠭᠡᠷ ᠪᠦᠯᠢ ᠶᠢᠨ ᠡᠮᠴᠢ ᠶᠢᠨ ᠡᠳᠦᠷ︾ ᠪᠣᠯᠣᠨ᠎ᠠ᠂ ᠭᠡᠷ ᠪᠦᠯᠢ ᠶᠢᠨ ᠡᠮᠴᠢ ᠮᠠᠶ᠋ᠢᠭ ᠤᠨ ᠡᠷᠡᠭᠦᠯᠵᠢᠯ ᠤᠨ ᠦᠢᠯᠡᠴᠢᠯᠡᠭᠡᠨ ᠤ ᠵᠠᠭᠪᠤᠷ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠠᠭᠤᠭᠠᠯᠢ ᠠᠷᠠᠳ ᠤᠨ ᠭᠡᠷ᠎ᠡ ᠲᠣᠭᠲᠠᠬᠤ ᠦᠢᠯᠡᠴᠢᠯᠡᠭᠡᠨ ᠤ ᠲᠤᠬᠠᠢ ᠣᠶᠢᠯᠠᠭᠠᠬᠤ ᠨᠣᠷᠮ᠎ᠠ ᠪᠠ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠤᠰᠠᠳᠠ᠂ ᠣᠶᠢᠷ᠎ᠠ ᠳᠤ᠂ ᠰᠢᠶᠠᠨ᠂ ᠰᠢᠶᠠᠩ᠂ ᠲᠣᠰᠬᠤᠨ ᠭᠤᠷᠪᠠᠨ ᠳᠡᠰ ᠤᠨ ᠡᠮᠴᠢ ᠪᠠᠷ ᠪᠦᠷᠢᠯᠳᠦᠭᠰᠡᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠦᠯᠬᠦᠮ ᠤᠯᠢᠶᠠᠰᠤᠲᠠᠢ ᠰᠢᠶᠠᠩ ᠤᠨ ᠴᠠᠭᠠᠨ ᠭᠤᠤ ᠲᠣᠰᠬᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ︽ᠭᠡᠷ᠎ᠡ ᠪᠠᠶᠢᠭᠤᠯᠤᠨ ᠡᠷᠡᠭᠦᠯ ᠮᠡᠨᠳᠦ ᠶᠢ ᠬᠠᠮᠲᠤᠪᠠᠷ ᠡᠳ᠋ᠯᠡᠶ᠎ᠡ︾ ᠪᠠᠷ ᠭᠤᠣᠯ ᠰᠡᠳᠦᠪ ᠪᠣᠯᠭᠠᠭᠰᠠᠨ ︽ᠳᠡᠯᠡᠬᠡᠢ ᠶᠢᠨ ᠭᠡᠷ ᠪᠦᠯᠢ ᠶᠢᠨ ᠡᠮᠴᠢ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠲᠣᠰᠬᠤᠨ ᠤ ᠠᠷᠠᠳ ᠲᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠪᠠ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠬᠢᠵᠦ᠂ ᠡᠷᠡᠭᠦᠯ ᠮᠡᠨᠳᠦ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠶᠢᠨ ᠬᠠᠮᠲᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡᠨ ᠤ ᠠᠵᠢᠯ ᠢ ᠡᠷᠦᠬᠡ ᠳᠤ ᠬᠦᠷᠴᠦ ᠥᠷᠨᠢᠭᠦᠯᠪᠡ᠃
     ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠤ ᠬᠢᠨ ᠬᠠᠷᠢᠶᠠᠲᠤ ᠣᠷᠣᠨ ᠤ ᠪᠠᠶᠢᠩᠭᠤ ᠰᠠᠭᠤᠭ᠎ᠠ ᠬᠥᠮᠥᠨ ᠠᠮᠠ ᠶᠢᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠠᠵᠢᠯ ᠢ ᠢᠳᠡᠪᠬᠢᠲᠡᠢ ᠠᠬᠢᠭᠤᠯᠵᠤ᠂ ᠨᠠᠩ ᠣᠯᠠᠨ ᠡᠮᠴᠢ ᠶᠢ ᠭᠡᠷ ᠪᠦᠯᠢ ᠳᠤ ᠭᠦᠨᠵᠡᠭᠡᠶᠢᠷᠡᠭᠦᠯᠦᠨ ᠡᠪᠡᠳᠴᠢᠲᠡᠨ ᠳᠤ ᠦᠢᠯᠡᠴᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ ᠤᠨ ᠭᠤᠣᠯᠳᠠᠯᠭ᠎ᠠ ᠶᠢ ᠳᠣᠷᠣᠭᠰᠢ ᠰᠢᠯᠵᠢᠭᠦᠯᠬᠦ᠂ ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠬᠥᠮᠥᠨ ᠪᠦᠬᠦᠨ ᠳᠤ ᠦᠨᠳᠦᠰᠦᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠬᠦᠷᠲᠡᠭᠡᠬᠦ ᠶᠢ ᠪᠡᠶᠡᠯᠡᠭᠦᠯᠵᠡᠢ᠃2023 ᠣᠨ ᠤ 4 ᠳ᠋ᠦ᠋ᠭᠡᠷ ᠰᠠᠷ᠎ᠠ ᠪᠣᠯᠲᠠᠯ᠎ᠠ ᠂ ᠪᠥᠬᠦ ᠰᠢᠶᠠᠨ ᠤ ᠬᠠᠷᠢᠶ᠎ᠠ ᠲᠣᠭᠤᠷᠢᠭ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠬᠥᠮᠥᠨ ᠠᠮᠠ ᠶᠢᠨ ᠲᠤᠭ᠎ᠠ 76300 ᠪᠠᠶᠢᠵᠤ᠂ ᠡᠯᠧᠺᠲᠷᠣᠨ ᠲᠠᠩᠰᠠ ᠪᠠᠶᠢᠭᠤᠯᠤᠭᠰᠠᠨ ᠬᠥᠮᠥᠨ ᠤ ᠲᠤᠭ᠎ᠠ 68814 ᠪᠠᠶᠢᠵᠤ᠂ ᠲᠠᠩᠰᠠ ᠪᠠᠶᠢᠭᠤᠯᠤᠭᠰᠠᠨ ᠨᠣᠷᠮ᠎ᠠ 90.19%  ᠬᠥᠷᠪᠡ᠃      ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠬᠡᠷᠡᠭᠵᠢᠭᠦᠯᠬᠦ ᠪᠣᠯ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠦᠢᠯᠡᠴᠢᠯᠡᠭᠡᠨ ᠤ ᠵᠠᠭᠪᠤᠷ ᠢ ᠬᠤᠪᠢᠷᠠᠭᠤᠯᠬᠤ ᠶᠢ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ ᠲᠠᠷᠠᠭᠠᠴᠢ ᠶᠢᠨ ᠠᠯᠬᠤᠮ ᠳᠤ ᠴᠢᠩ ᠱᠦᠢ ᠾᠧ ᠰᠢᠶᠠᠨ ᠤ ᠬᠢᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠠᠵᠢᠯ ᠢ ᠦᠷᠭᠦᠯᠵᠢᠯᠡᠨ ᠰᠠᠶᠢᠲᠤᠷ ᠥᠷᠨᠢᠭᠦᠯᠵᠦ᠂ ᠣᠯᠠᠨ ᠲᠦᠮᠡᠨ ᠲᠠᠢ ᠭᠡᠷ᠎ᠡ ᠪᠠᠶᠢᠭᠤᠯᠵᠤ ᠂ ᠡᠷᠡᠭᠦᠯ ᠮᠡᠨᠳᠦ ᠶᠢ ᠬᠠᠮᠲᠤ ᠪᠠᠷ ᠡᠳ᠋ᠯᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1