ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠭᠤᠷᠪᠠᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠴᠢᠩ ᠱᠦᠢ ᠾᠧ ᠰᠢᠶᠠᠨ ᠳᠤ ᠡᠮᠡᠭᠲᠡᠶᠢᠴᠦᠳ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/17
     5 ᠳ᠋ᠤᠭᠠᠷ ᠰᠠᠷ᠎ᠠ ᠶᠢᠨ 16  ᠤ ᠡᠳᠦᠷ᠂ ᠰᠤᠷᠪᠤᠯᠵᠢᠯᠠᠭᠴᠢ ᠴᠢᠩ ᠱᠦᠢ ᠾᠧ ᠰᠢᠶᠠᠨ ᠤ ᠬᠤᠩ ᠾᠧ ᠪᠠᠯᠭᠠᠰᠤᠨ ᠤ ᠪᠠᠭ᠎ᠠ ᠰᠤᠷᠭᠠᠭᠤᠯᠢ ᠳᠤ ᠬᠦᠷᠬᠦ ᠳᠤ᠂ ᠪᠡᠶ᠎ᠡ ᠶᠢᠨ ᠲᠠᠮᠢᠷ ᠤᠨ ᠲᠠᠯᠠᠪᠠᠢ ᠠᠴᠠ ᠬᠡᠦᠬᠡᠳ ᠤᠳ ᠤᠨ ᠪᠠᠶᠠᠷ ᠬᠦᠷ ᠤᠨ ᠦᠭᠡ ᠪᠠᠶᠢᠨ ᠪᠠᠶᠢᠨ ᠰᠣᠨᠣᠰᠳᠠᠵᠤ᠂ ᠠᠳᠡ ︽ᠦᠰᠦᠨ ᠪᠣᠶᠢᠵᠢᠯᠲᠠ ᠶᠢ ᠦᠨᠳᠦᠰᠦᠨ ᠱᠠᠲᠤᠨ ᠳᠤ ᠬᠦᠷᠭᠡᠬᠦ︾᠂ ᠪᠢ ᠡᠮᠡᠭᠲᠡᠶᠢᠴᠦᠳ ᠬᠡᠦᠬᠡᠳ ᠲᠤ ᠪᠣᠳᠠᠲᠠᠢ ᠶᠠᠪᠤᠳᠠᠯ ᠬᠢᠬᠦ ᠠᠷᠪᠠ ᠶᠢ ᠬᠦᠷᠭᠡᠬᠦ ᠠᠵᠢᠯᠯᠠᠭ᠎ᠠ ᠵᠢᠴᠢ ︽ᠪᠠᠭᠠᠴᠤᠳ ᠬᠡᠦᠬᠡᠳ ᠤᠨ ᠰᠡᠳᠬᠢᠯ ᠢ ᠨᠠᠮ ᠤᠷᠤᠭᠤ ᠬᠠᠨᠳᠤᠵᠤ  ᠬᠠᠶᠢᠷ᠎ᠠ ᠰᠡᠳᠬᠢᠯ ᠢᠶᠠᠷ ᠥᠰᠦᠨ ᠪᠣᠶᠢᠵᠢᠯᠲᠠ ᠳᠤ ᠬᠠᠨᠢ ᠪᠣᠯᠬᠤ︾ᠭᠡᠷ ᠢᠶᠠᠨ ᠰᠠᠬᠢᠵᠤ ᠬᠤᠴᠣᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ᠥᠪᠡᠷᠲᠡᠭᠡᠨ ᠵᠠᠰᠠᠬᠤ ᠣᠷᠣᠨ᠂ ᠬᠥᠬᠡᠬᠤᠲᠠ᠂ ᠰᠢᠶᠠᠨ ᠤ ᠭᠤᠷᠪᠠᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠨᠢ ᠬᠤᠩ ᠾᠧ ᠪᠠᠯᠭᠠᠰᠤᠨ ᠤ ᠪᠠᠭ᠎ᠠ ᠰᠤᠷᠭᠠᠭᠤᠯᠢ ᠶᠢᠨ 62 ᠬᠡᠦᠬᠡᠳ ᠲᠤ ᠰᠤᠷᠤᠯᠴᠠᠯᠭ᠎ᠠ᠂ ᠪᠡᠶ᠎ᠡ ᠶᠢᠨ ᠲᠠᠮᠢᠷ ᠤᠨ ᠬᠡᠷᠡᠭᠰᠡᠯ ᠪᠠ ᠠᠮᠢᠳᠤᠷᠠᠯ ᠤᠨ ᠡᠳ᠋ ᠪᠣᠳᠠᠰ ᠠᠪᠴᠢᠷᠠᠵᠤ ᠥᠭᠪᠡ᠃
     ᠭᠡᠷ ᠤᠨ ᠰᠤᠷᠲᠠᠯ ᠢ ᠴᠢᠬᠤᠯᠠᠴᠢᠯᠠᠬᠤ ᠪᠣᠯ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯ ᠮᠥᠨ᠂ ᠰᠠᠶᠢᠨ ᠰᠠᠶᠢᠬᠠᠨ ᠭᠡᠷ ᠤᠨ ᠰᠤᠷᠲᠠᠯ ᠪᠣᠯ ᠪᠦᠬᠦᠶᠢᠯᠡ ᠨᠡᠶᠢᠭᠡᠮ ᠤᠨ ᠬᠡᠪ ᠰᠤᠷᠲᠠᠯ ᠤᠨ ᠰᠠᠭᠤᠷᠢ ᠮᠥᠨ᠃ᠲᠣᠭᠤᠷᠢᠭ᠂ ᠬᠤᠲᠠ᠂ ᠰᠢᠶᠠᠨ ᠤ ᠭᠤᠷᠪᠠᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠮᠠᠨ ᠤ ᠰᠢᠶᠠᠨ ᠤ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠳᠤ ︽ᠠᠷᠢᠭᠤᠨ ᠴᠢᠬᠡᠴᠢ ᠭᠡᠷ ᠤᠨ ᠰᠤᠷᠲᠠᠯ ᠠᠭᠤᠯᠠᠨ ᠬᠤᠳᠠ ᠶᠢ ᠤᠮᠳᠠᠯᠠᠵᠤ ᠠᠷᠢᠭᠤᠨ ᠴᠢᠬᠡᠴᠢ ᠰᠣᠶᠣᠯ ᠢ ᠭᠡᠷ ᠪᠦᠯᠢ ᠳᠤ ᠬᠦᠷᠭᠡᠬᠦ︾ᠠᠵᠢᠯᠯᠠᠭ᠎ᠠ ᠥᠷᠨᠢᠭᠦᠯᠵᠡᠢ᠃ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠳᠡᠳ᠋ ᠲᠡᠷᠢᠭᠦᠯᠡᠭᠴᠢ ᠵᠣᠣ ᠬᠤᠩ ᠵᠢᠶᠦ᠋ᠨ ᠨᠠᠮ ᠤᠨ ᠰᠤᠷᠲᠠᠯ ᠴᠢᠬᠡᠴᠢ ᠵᠠᠰᠠᠭ ᠤᠨ ᠤᠬᠠᠭᠤᠯᠭ᠎ᠠ ᠬᠥᠮᠦᠵᠢᠯ ᠤᠨ ᠰᠠᠷ᠎ᠠ ᠵᠢᠴᠢ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠭᠤᠯᠭ᠎ᠠ ᠲᠠᠢ ᠤᠶᠠᠯᠳᠤᠭᠤᠯᠤᠨ ︽ᠭᠡᠷ ᠤᠨ ᠰᠤᠷᠭᠠᠯ ᠢ ᠰᠠᠶᠢᠲᠤᠷ ᠪᠠᠳᠠᠷᠠᠭᠤᠯᠵᠤ ᠭᠡᠷ ᠤᠨ ᠰᠤᠷᠲᠠᠯ ᠢ ᠰᠠᠶᠢᠲᠤᠷ ᠤᠯᠠᠮᠵᠢᠯᠠᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠤᠯᠠᠨ ᠳᠤ ᠭᠡᠷ ᠤᠨ ᠰᠤᠷᠲᠠᠯ ᠭᠡᠷ ᠤᠨ ᠰᠤᠷᠭᠠᠯ ᠤᠨ ᠦᠨᠡᠨ ᠶᠣᠰᠣ ᠶᠢ ᠣᠶᠢᠯᠠᠭᠠᠭᠤᠯᠵᠤ᠂ ᠤᠯᠤᠰ ᠣᠷᠣᠨ ᠤ ᠨᠢᠭᠡᠳᠦᠯ ᠢ ᠬᠠᠮᠠᠭᠠᠯᠠᠬᠤ ᠪᠠ ᠠᠭᠤᠤ ᠶᠡᠭᠡ ᠡᠬᠡ ᠤᠯᠤᠰ ᠢᠶᠠᠨ ᠬᠠᠶᠢᠷᠠᠯᠠᠵᠤ᠂ ᠬᠠᠷᠠᠬᠠᠨ ᠪᠠᠭ᠎ᠠ ᠠᠴᠠ ᠪᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠺᠠᠳ᠋ᠷᠴᠤᠳ ᠤᠨ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ ᠴᠢᠩ ᠦᠨᠡᠨᠴᠢ ᠬᠠᠶᠢᠷ᠎ᠠ ᠰᠡᠳᠬᠢᠯᠭᠡ ᠶᠢ ᠤᠯᠠᠮ ᠴᠢᠨᠠᠭᠰᠢᠳᠠ ᠬᠠᠳᠠᠭᠠᠯᠠᠵᠤ᠂ ᠭᠤᠣᠯᠯᠠᠭᠴᠢ ᠦᠷᠳᠡᠭ ᠢ ᠤᠯᠠᠮᠵᠢᠯᠠᠬᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠬᠥᠮᠥᠨ ᠪᠣᠯᠵᠤ ᠤᠴᠢᠷ ᠶᠠᠪᠤᠳᠠᠯ ᠢ ᠰᠢᠢᠳᠪᠦᠷᠢᠯᠡᠬᠦ ᠵᠣᠷᠢᠭ ᠢ ᠪᠠᠲᠤᠳᠬᠠᠪᠠ᠃ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠮᠠᠨ ᠤ ᠰᠢᠶᠠᠨ ᠤ 1 ᠡᠷᠦᠬᠡ ᠥᠪᠡᠷᠲᠡᠭᠡᠨ ᠵᠠᠰᠠᠬᠤ ᠣᠷᠣᠨ ᠤ ᠳᠡᠰ ᠤᠨ ᠬᠠᠮᠤᠭ ᠤᠨ ᠭᠤᠶᠤ ᠭᠡᠷ ᠪᠦᠯᠢ ᠪᠠ 5 ᠡᠷᠦᠬᠡ ᠳᠤ ᠬᠤᠲᠠ ᠶᠢᠨ ᠳᠡᠰ ᠤᠨ ᠬᠠᠮᠤᠭ ᠤᠨ ᠭᠤᠶᠤ ᠭᠡᠷ ᠪᠦᠯᠢ ᠳᠤ ᠱᠠᠩᠨᠠᠯ ᠣᠯᠭᠤᠵᠤ᠂ ᠴᠢᠩ ᠱᠦᠢ ᠾᠧ ᠰᠢᠶᠠᠨ ᠤ ᠠᠷᠢᠭᠤᠨ ᠴᠢᠬᠡᠴᠢ ᠰᠣᠶᠣᠯ ᠢ ᠭᠡᠷ ᠪᠦᠯᠢ ᠳᠤ ᠣᠷᠣᠭᠤᠯᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃
     ᠳᠠᠷᠠᠭ᠎ᠠ ᠨᠢ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠴᠢᠩ ᠱᠦᠢ ᠾᠧ ᠰᠢᠶᠠᠨ ᠤ ᠭᠡᠷ ᠪᠦᠯᠢ ᠶᠢᠨ ᠬᠥᠮᠦᠵᠢᠯ ᠤᠨ ᠵᠢᠯᠤᠭᠤᠳᠬᠤ ᠦᠢᠯᠡᠴᠢᠯᠡᠭᠡᠨ ᠤ ᠲᠥᠪ ︱ ᠰᠢᠶᠠᠨ ᠤ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ ᠪᠣᠯᠣᠨ ᠴᠢᠩ ᠱᠦᠢ ᠾᠧ ᠰᠢᠶᠠᠨ ᠤ ᠡᠮᠡᠭᠲᠡᠶᠢᠴᠦᠳ ᠤᠨ ᠦᠢᠯᠡᠰ ᠪᠣᠰᠬᠠᠬᠤ ᠠᠵᠢᠯ ᠣᠯᠭᠤᠯᠲᠠ ᠶᠢᠨ ᠰᠠᠭᠤᠷᠢᠨ ᠵᠡᠷᠭᠡ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢᠨ ᠬᠡᠷᠡᠭᠴᠡᠭᠡ ᠲᠠᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠠᠵᠢᠯ ᠢ ᠨᠤᠲᠠᠯᠠᠬᠤ ᠶᠢᠨ ᠬᠠᠮᠲᠤ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠵᠤ᠂ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠵᠤ᠂ ᠦᠢᠯᠡᠳᠦᠯ ᠢᠶᠠᠨ ᠪᠠᠳᠠᠷᠠᠭᠤᠯᠵᠤ᠂ ᠨᠡᠩ ᠤᠯᠠᠨ ᠡᠮᠡᠭᠲᠡᠶᠢᠴᠦᠳ ᠬᠡᠦᠬᠡᠳ ᠲᠤ ᠡᠮᠡᠭᠲᠡᠶᠢᠴᠦᠳ ᠤᠨ ᠬᠤᠯᠪᠣᠭ᠎ᠠ ᠶᠢᠨ ᠬᠠᠯᠠᠮᠵᠢᠯᠠᠯ ᠪᠠ ᠦᠢᠯᠡᠴᠢᠯᠡᠭᠡ ᠶᠢ ᠬᠦᠷᠲᠡᠭᠡᠵᠦ᠂ ᠡᠮᠡᠭᠲᠡᠶᠢᠴᠦᠳ ᠬᠡᠦᠬᠡᠳ ᠤᠨ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1