5 ᠳ᠋ᠤᠭᠠᠷ ᠰᠠᠷ᠎ᠠ ᠶᠢᠨ 16 ᠤ ᠡᠳᠦᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠱᠢ ᠶᠦᠩ ᠫᠢᠩ | ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠨᠠᠢᠮᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃ᠰᠢᠶᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠽᠠᠢ ᠵᠢᠶᠦ᠋ᠨ᠂ ᠳ᠋ᠦᠸᠧ ᠬᠤᠸᠠ ᠰᠢᠶᠦᠶᠢᠩ᠂ | ᠸᠠᠩ ᠱᠠᠨ ᠴᠢᠤᠸᠠᠨ᠂ ᠵᠤᠤ ᠶᠢᠩ ᠬᠤᠷᠠᠯ ᠳᠤ ᠣᠷᠣᠯᠴᠠᠪᠠ᠃ᠰᠢᠶᠠᠨ ᠤ ᠳᠡᠳ᠋ ᠳᠠᠷᠤᠭ᠎ᠠ ᠪᠠᠢ ᠬᠠᠢ ᠯᠢᠨ ᠵᠢᠴᠢ | ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠤᠶᠠᠷ ᠳᠠᠷᠤᠭ᠎ᠠ᠂ ᠰᠢᠶᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃ | ᠬᠤᠷᠠᠯ ᠠᠴᠠ︽︿ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ 2023 ᠣᠨ ᠤ | ᠲᠥᠰᠥᠪ ᠤᠨ ᠲᠣᠬᠢᠷᠠᠭᠤᠯᠤᠯᠲᠠ ᠶᠢᠨ ᠲᠥᠰᠥᠯ ︵ᠡᠬᠡ ᠨᠣᠣᠷᠠᠭ︶﹀ ᠢ ᠬᠢᠨᠠᠨ ᠵᠥᠪᠯᠡᠭᠦᠯᠬᠦ ᠪᠠᠷ ᠳᠡᠪᠰᠢᠭᠦᠯᠬᠦ | ᠲᠤᠬᠠᠢᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠵᠥᠪᠯᠡᠯᠭᠡ︾ ᠶᠢ ᠬᠢᠨᠠᠨ ᠵᠥᠪᠯᠡᠵᠦ | ᠪᠠᠲᠤᠯᠠᠵᠤ᠂ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠤ 2022 ᠣᠨ ᠤ ᠡᠭᠦᠷᠭᠡ ᠲᠤᠰᠢᠶᠠᠯ ᠢᠶᠠᠨ | ᠭᠦᠢᠴᠡᠳᠬᠡᠬᠦ ᠲᠥᠯᠥᠪᠯᠡᠭᠡ ᠶᠢ ᠪᠡᠶᠡᠯᠡᠭᠦᠯᠦᠭᠰᠡᠨ ᠪᠠᠶᠢᠳᠠᠯ ᠢ ᠰᠣᠨᠣᠰᠬᠤ ᠶᠢᠨ ᠬᠠᠮᠲᠤ ᠬᠠᠨᠤᠮᠵᠢ ᠶᠢᠨ ᠬᠡᠮᠵᠢᠶ᠎ᠡ ᠶᠢ | ᠰᠢᠯᠭᠠᠨ ᠦᠨᠡᠯᠡᠪᠡ᠃ | ᠬᠤᠷᠠᠯ ᠠᠴᠠ ᠪᠠᠰᠠ ᠬᠤᠯᠪᠣᠭᠳᠠᠯ ᠪᠦᠬᠦᠢ ᠠᠵᠢᠯᠲᠠᠨ ᠤ ᠶᠠᠪᠤᠳᠠᠯ ᠤᠨ ᠵᠦᠢᠯᠡᠰ ᠢ ᠪᠠᠲᠤᠯᠠᠪᠠ᠃ᠱᠢ ᠶᠦᠩ | ᠫᠢᠩ ᠰᠢᠨ᠎ᠡ ᠪᠠᠷ ᠲᠤᠰᠢᠶᠠᠯ ᠳᠤ ᠲᠣᠮᠢᠯᠠᠭᠰᠠᠳ ᠲᠤ ᠲᠣᠮᠢᠯᠠᠯᠲᠠ ᠶᠢᠨ ᠪᠢᠴᠢᠭ ᠣᠯᠭᠤᠵᠤ᠂ ᠰᠢᠨ᠎ᠡ ᠪᠠᠷ | ᠲᠤᠰᠢᠶᠠᠯ ᠳᠤ ᠲᠣᠮᠢᠯᠠᠭᠰᠠᠳ ᠦᠨᠳᠦᠰᠦᠨ ᠬᠠᠤᠯᠢ ᠳᠤ ᠲᠠᠩᠭᠠᠷᠢᠭᠯᠠᠪᠠ᠃ |