ᠴᠢᠩ ᠱᠦᠢ ᠾᠧ ᠰᠢᠶᠠᠨ᠄ ᠮᠦᠽᠧᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠨ᠎ᠡ‌ᠭᠠᠵᠠᠷ ᠤᠨ ᠲᠡᠮᠳᠡᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ
ᠨᠡᠶᠢᠲᠡᠯᠡᠭᠰᠡᠨ ᠴᠠᠭ᠄
2023/5/17
     5 ᠳ᠋ᠤᠭᠠᠷ ᠰᠠᠷ᠎ᠠ ᠶᠢᠨ 16  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠺᠧ ᠯᠢᠩ ᠴᠢᠩ ᠱᠦᠢ ᠾᠧ ᠰᠢᠶᠠᠨ ᠤ ᠮᠦᠽᠧᠢ ᠳᠤ ᠬᠦᠷᠴᠦ ᠡᠭᠦᠳᠡ ᠪᠠᠨ ᠨᠡᠭᠡᠭᠡᠬᠦ ᠪᠡᠯᠡᠳᠬᠡᠯ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠢᠩ ᠱᠦᠢ ᠾᠧ ᠶᠢᠨ ᠮᠦᠽᠧᠢ ᠶᠢᠨ ᠡᠭᠦᠳᠡ ᠪᠠᠨ ᠨᠡᠭᠡᠭᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ ᠭᠡᠵᠡᠢ᠃      ᠵᠠᠩ ᠺᠧ ᠯᠢᠩ ᠵᠢᠭᠠᠵᠤ ᠭᠠᠷᠭᠠᠭᠰᠠᠨ ᠨᠢ᠂ ᠳᠡᠯᠭᠡᠨ ᠦᠵᠡᠭᠦᠯᠬᠦ ᠵᠢᠷᠤᠭ ᠲᠥᠯᠥᠪᠯᠡᠭᠡ ᠶᠢ ᠨᠠᠷᠢᠯᠢᠭ ᠬᠢᠨᠠᠮᠠᠭᠠᠢ ᠬᠢᠵᠦ᠂ ᠲᠠᠶᠢᠯᠪᠤᠷᠢᠯᠠᠬᠤ ᠠᠭᠤᠯᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠣᠶᠣᠯ ᠤᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠴᠢᠩ ᠱᠦᠢ ᠾᠧ ᠰᠢᠶᠠᠨ ᠤ ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠳᠡᠯᠡᠬᠡᠢ ᠳ᠋ᠠᠬᠢᠨ ᠳᠤ ᠴᠢᠩ ᠱᠦᠢ ᠾᠧ ᠶᠢᠨ ᠭᠦᠨ ᠵᠤᠵᠠᠭᠠᠨ ᠰᠣᠶᠣᠯ ᠤᠨ ᠠᠭᠤᠯᠬᠤᠨ ᠪᠠ ᠷᠢᠳᠢ ᠰᠢᠳᠢ ᠶᠢ ᠦᠵᠡᠭᠦᠯᠬᠦ ᠬᠡᠷᠡᠭᠲᠡᠢ᠃ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠡᠯ᠎ᠡ ᠵᠦᠢᠯ ᠤᠨ ᠪᠡᠯᠡᠳᠬᠡᠯ ᠠᠵᠢᠯ ᠢ ᠨᠠᠷᠢᠨ ᠨᠢᠮᠪᠠᠢ ᠰᠠᠶᠢᠲᠤᠷ ᠠᠳᠬᠤᠵᠤ᠂ ᠴᠢᠩ ᠱᠦᠢ ᠾᠧ ᠶᠢᠨ ᠮᠦᠽᠧᠢ ᠶᠢᠨ ᠥᠨᠳᠥᠷ ᠲᠦᠪᠰᠢᠨ ᠲᠠᠢ᠂ ᠴᠢᠨᠠᠷ ᠰᠠᠶᠢᠲᠠᠢ ᠲᠣᠭᠲᠠᠭᠰᠠᠨ ᠬᠤᠭᠤᠴᠠᠭᠠᠨ ᠳᠠᠭᠠᠨ ᠡᠭᠦᠳᠡ ᠪᠠᠨ ᠨᠡᠭᠡᠭᠡᠬᠦ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1