ᠬᠠᠪᠤᠷ ᠤᠨ ᠲᠠᠷᠢᠶᠠᠯᠠᠭ᠎ᠠ ᠶᠠᠪᠤᠭᠳᠠᠵᠤ ᠪᠠᠶᠢᠭ᠎ᠠ ᠦᠶ᠎ᠡ ᠳᠤ᠄ ︽ᠨᠣᠭᠤᠭᠠᠨ ᠪᠣᠷᠳᠣᠭᠤᠷ +︾ ᠨᠢ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2023/5/18
     ᠲᠠᠷᠢᠶᠠᠯᠠᠩ ᠤᠨ ᠣᠳᠣᠬᠢᠴᠢᠯᠠᠯᠲᠠ ᠶᠢᠨ ᠠᠬᠢᠬᠤ ᠶᠢ ᠳᠠᠭᠠᠯᠳᠤᠨ᠂ ᠨᠣᠭᠤᠭᠠᠨ ᠪᠣᠷᠳᠣᠭᠤᠷ ᠲᠠᠷᠢᠬᠤ ᠪᠠᠷ ᠲᠥᠯᠥᠭᠡᠯᠡᠭᠦᠯᠦᠭᠰᠡᠨ ᠲᠠᠷᠢᠶᠠᠯᠠᠩ ᠤᠨ ᠪᠣᠬᠢᠷᠲᠤᠯ ᠦᠭᠡᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠤᠯᠠᠮ ᠠᠴᠠ ᠤᠯᠠᠮ ᠴᠢᠬᠤᠯᠠᠴᠢᠯᠠᠭᠳᠠᠵᠤ ᠪᠠᠶᠢᠨ᠎ᠠ᠃ᠣᠶᠢᠷ᠎ᠠ ᠳᠤ᠂ ᠴᠢᠩ ᠱᠦᠢ ᠾᠧ ᠰᠢᠶᠠᠨ ᠤ ᠵᠢᠦ ᠼᠠᠢ ᠵᠤᠸᠠᠩ ᠰᠢᠶᠠᠩ ᠤᠨ ᠪᠧᠢ ᠼᠤᠤ ᠨᠢᠶᠠᠨ ᠲᠣᠰᠬᠤᠨ ᠤ ᠯᠦ ᠼᠤᠤ ᠭᠧ ᠳ᠋ᠦᠩ ᠪᠠᠶᠢᠭᠠᠯᠢ ᠶᠢᠨ ᠲᠣᠰᠬᠤᠨ ᠳᠤ᠂ ᠦᠷ᠎ᠡ ᠰᠠᠴᠤᠬᠤ ᠮᠠᠰᠢᠨ ᠤ ᠨᠢᠵᠢᠭᠢᠨᠡᠬᠦ ᠲᠠᠭᠤᠨ ᠢ ᠳᠠᠭᠠᠯᠳᠤᠨ᠂ ︽ᠤᠷᠳᠤ ᠦᠰᠦᠲᠦ ᠸᠠᠨᠳᠧᠦ ᠪᠤᠷᠴᠠᠭ + ᠬᠤᠮᠠ︾ ᠶᠢᠨ ᠦᠷ᠎ᠡ ᠶᠢ ᠵᠠᠯᠭᠠᠯᠳᠤᠭᠰᠠᠨ ᠲᠠᠷᠢᠶᠠᠨ ᠭᠠᠵᠠᠷ ᠲᠤ ᠬᠤᠯᠢᠯᠳᠤᠭᠤᠯᠤᠨ ᠳᠠᠷᠢᠪᠠ᠃
     ᠴᠢᠩ ᠱᠦᠢ ᠾᠧ ᠰᠢᠶᠠᠨ ᠨᠢ ᠤᠯᠤᠰ ᠤᠨ ᠨᠣᠭᠤᠭᠠᠨ ᠪᠣᠷᠳᠣᠭᠤᠷ ᠤᠨ ᠠᠵᠤ ᠦᠢᠯᠡᠰ ᠤᠨ ᠮᠡᠷᠭᠡᠵᠢᠯ ᠤᠨ ᠰᠢᠰᠲ᠋ᠧᠮ ᠤᠨ ᠦᠴᠦᠸᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠦᠷᠳᠡᠭᠡ ᠶᠢᠨ ᠭᠤᠣᠯ ᠵᠢᠱᠢᠶ᠎ᠡ ᠦᠵᠡᠭᠦᠯᠬᠦ ᠰᠢᠶᠠᠨ ᠤ ᠨᠢᠭᠡ ᠪᠣᠯᠤᠭᠰᠠᠨ ᠤ ᠬᠤᠪᠢ ᠳᠤ᠂ ᠤᠯᠠᠨ ᠵᠢᠯ ᠤᠨ ᠲᠤᠷᠰᠢ ᠤᠷᠳᠤ ᠦᠰᠦᠲᠦ ᠸᠠᠨᠳᠧᠦ ᠪᠤᠷᠴᠠᠭ᠂  ᠰᠤᠮᠤᠨ ᠰᠡᠭᠦᠯᠲᠦ ᠸᠠᠨᠳᠧᠦ ᠪᠤᠷᠴᠠᠭ ᠤᠨ ᠦᠷ᠎ᠡ ᠶᠢᠨ ᠦᠢᠯᠡᠳᠪᠦᠷᠢᠯᠡᠯ ᠪᠣᠯᠣᠨ ᠰᠢᠨ᠎ᠡ ᠰᠣᠷᠭᠤᠭ ᠡᠪᠡᠰᠦᠨ ᠤ ᠥᠨᠳᠥᠷ ᠤᠨᠠᠯᠲᠠ ᠶᠢᠨ ᠲᠠᠯ᠎ᠠ ᠪᠠᠷ ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠭᠤᠣᠯᠳᠠᠭᠤ ᠵᠢᠦ ᠼᠠᠢ ᠵᠦᠸᠠᠩ ᠰᠢᠶᠠᠩ ᠳᠤ ᠲᠥᠪᠯᠡᠷᠡᠵᠦ᠂ ᠬᠤᠮᠠ ᠵᠡᠷᠭᠡ ᠲᠤᠬᠠᠢ ᠶᠢᠨ ᠭᠠᠵᠠᠷ ᠤᠨ ᠲᠠᠷᠢᠮᠠᠯ ᠲᠠᠢ ᠬᠤᠯᠢᠵᠤ ᠳᠠᠷᠢᠵᠠᠢ᠃      ᠣᠶᠢᠯᠠᠭᠠᠭᠰᠠᠨ ᠢᠶᠠᠷ᠂ ᠤᠷᠳᠤ ᠦᠰᠦᠲᠦ ᠸᠠᠨᠳᠧᠦ ᠪᠤᠷᠴᠠᠭ᠂  ᠰᠤᠮᠤᠨ ᠰᠡᠭᠦᠯᠲᠦ ᠸᠠᠨᠳᠧᠦ ᠪᠤᠷᠴᠠᠭ ᠪᠣᠯ ᠴᠥᠮ ᠪᠤᠷᠴᠠᠭ ᠤᠨ ᠲᠥᠷᠥᠯ ᠤᠨ ᠨᠣᠭᠤᠭᠠᠨ ᠪᠣᠷᠳᠣᠭᠤᠷ ᠤᠨ ᠲᠠᠷᠢᠮᠠᠯ ᠳᠤ ᠲᠣᠭᠠᠴᠠᠭᠳᠠᠵᠤ᠂ ᠬᠠᠮᠲᠤᠷᠠᠨ ᠠᠮᠢᠳᠤᠷᠠᠵᠤ ᠠᠽᠣᠲ ᠲᠣᠭᠲᠠᠭᠠᠬᠤ᠂ ᠬᠥᠷᠥᠰᠥ ᠰᠢᠷᠣᠢ ᠶᠢ ᠬᠠᠮᠠᠭᠠᠯᠠᠬᠤ᠂ ᠬᠥᠷᠥᠰᠥ ᠰᠢᠷᠣᠢ ᠶᠢᠨ ᠥᠩ ᠰᠢᠮ᠎ᠡ ᠶᠢ ᠰᠠᠶᠢᠵᠢᠷᠠᠭᠤᠯᠬᠤ ᠵᠡᠷᠭᠡ ᠲᠠᠯ᠎ᠠ ᠪᠠᠷ ᠴᠢᠬᠤᠯᠠ ᠦᠢᠯᠡᠳᠦᠯ ᠲᠠᠢ ᠪᠠᠶᠢᠳᠠᠭ᠃ᠲᠡᠷᠡᠴᠢᠯᠡᠨ ᠬᠤᠮᠠ ᠵᠡᠷᠭᠡ ᠪᠤᠰᠤᠳ ᠲᠠᠷᠢᠮᠠᠯ ᠲᠠᠢ ᠬᠤᠯᠢᠯᠳᠤᠭᠤᠯᠤᠨ ᠲᠠᠷᠢᠪᠠᠯ ᠬᠢᠮᠢ ᠶᠢᠨ ᠪᠣᠷᠳᠣᠭᠤᠷ ᠤᠨ ᠬᠡᠷᠡᠭᠯᠡᠬᠦ ᠬᠡᠮᠵᠢᠶ᠎ᠡ ᠶᠢ ᠪᠦᠲᠦᠮᠵᠢᠲᠡᠢ ᠪᠠᠭᠤᠷᠠᠭᠤᠯᠵᠤ᠂ ᠠᠵᠤ ᠠᠬᠤᠢ ᠶᠢᠨ ᠠᠰᠢᠭ ᠲᠤᠰᠠ ᠶᠢ ᠪᠤᠢ ᠪᠣᠯᠭᠠᠬᠤ ᠶᠢᠨ ᠬᠠᠮᠲᠤ ᠠᠮᠢ ᠠᠬᠤᠢ ᠶᠢᠨ ᠦᠢᠯᠡᠳᠦᠯ ᠢ ᠨᠡᠩ ᠢᠯᠡᠷᠬᠡᠢ ᠪᠣᠯᠭᠠᠵᠤ ᠴᠢᠳᠠᠨ᠎ᠠ᠃ᠡᠨᠡ ᠵᠢᠯ᠂ ᠵᠢᠦ ᠼᠠᠢ ᠵᠦᠸᠠᠩ ᠰᠢᠶᠠᠩ ᠤᠨ ᠪᠧᠢ ᠼᠤᠤ ᠨᠢᠶᠠᠨ ᠲᠣᠰᠬᠤᠨ ᠤ ᠵᠢᠱᠢᠶ᠎ᠡ ᠦᠵᠡᠭᠦᠯᠬᠦ ᠲᠠᠷᠢᠶᠠᠨ ᠭᠠᠵᠠᠷ ᠤᠨ 1000 ᠭᠠᠷᠤᠢ ᠮᠦ ᠭᠠᠵᠠᠷ ᠰᠢᠷᠣᠢ ᠳᠤ ᠦᠷᠭᠦᠯᠵᠢᠯᠡᠨ ︽ᠨᠣᠭᠤᠭᠠᠨ ᠪᠣᠷᠳᠣᠭᠤᠷ +︾ ᠶᠢ ᠬᠤᠯᠢᠵᠤ ᠳᠠᠷᠢᠵᠤ᠂ ᠨᠢᠭᠡ ᠬᠡᠰᠡᠭ ᠲᠠᠷᠢᠶᠠᠨ ᠭᠠᠵᠠᠷ ᠤᠨ ᠬᠤᠶᠠᠷ ᠬᠤᠪᠢ ᠣᠷᠣᠯᠭ᠎ᠠ ᠶᠢ ᠪᠡᠶᠡᠯᠡᠭᠦᠯᠬᠦ ᠪᠣᠯᠣᠨ᠎ᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1