︵ᠰᠤᠷᠪᠤᠯᠵᠢᠯᠠᠭᠴᠢ ᠦ᠋ ᠽᠢ ᠰᠢᠤᠸᠠᠨ ᠴᠢᠮᠡᠭᠡᠯᠡᠭᠴᠢ ᠸᠠᠩ ᠵᠢᠶᠠ ᠹᠠᠨ᠂ ᠹᠧᠩ ᠲᠤᠤ︶ ᠣᠶᠢᠷ᠎ᠠ ᠳᠤ᠂ | ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ᠂ ᠪᠤᠭᠤᠲᠤ ᠵᠡᠷᠭᠡ 7 ᠠᠶᠢᠮᠠᠭ ᠬᠤᠲᠠ ᠶᠢᠨ ᠠᠩᠬ᠎ᠠ ᠤᠳᠠᠭ᠎ᠠ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠰᠬᠠᠢ ᠰᠠᠮᠪᠠᠷ᠎ᠠ ᠳᠡᠭᠡᠷ᠎ᠡ ᠫᠠᠶᠢᠰᠠ ᠡᠯᠭᠦᠭᠰᠡᠨ 16 ᠠᠵᠤ | ᠠᠬᠤᠶᠢᠯᠠᠯ ᠳᠤ ᠨᠡᠶᠢᠲᠡ 320 ᠲᠦᠮᠡᠨ ᠲᠥᠭᠦᠷᠢᠭ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ ᠣᠯᠭᠤᠵᠤ᠂ | ᠡᠭᠦᠨ ᠳᠤ ᠮᠠᠨ ᠤ ᠬᠤᠲᠠ ᠶᠢᠨ ᠥᠪᠥᠷ ᠮᠣᠩᠭᠤᠯ ᠤᠨ ᠶᠦᠨ ᠺᠧ ᠲᠤᠭ᠎ᠠ ᠪᠠᠷᠢᠮᠲᠠ ᠶᠢᠨ ᠦᠢᠯᠡᠴᠢᠯᠡᠭᠡᠨ ᠤ ᠬᠤᠪᠢ | ᠣᠷᠣᠭᠤᠯᠤᠭᠰᠠᠨ ᠬᠢᠵᠠᠭᠠᠷᠲᠤ ᠺᠣᠮᠫᠠᠨᠢ᠂ ᠢ ᠲᠧ ᠯᠢ ᠢᠨᠵᠧᠨᠧᠷᠢᠩ ᠤᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ | ᠺᠣᠮᠫᠠᠨᠢ᠂ ᠥᠪᠥᠷ ᠮᠣᠩᠭᠤᠯ ᠤᠨ ᠾᠧᠩ ᠰᠢᠨ ᠭᠠᠯ ᠤᠨᠲᠠᠷᠠᠭᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠵᠡᠷᠭᠡ 5 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠳᠡᠭᠡᠷ᠎ᠡ ᠫᠠᠶᠢᠰᠠ ᠡᠯᠭᠦᠭᠰᠡᠨ ᠱᠠᠩᠨᠠᠯ ᠨᠥᠬᠦᠪᠦᠷᠢ ᠶᠢᠨ ᠪᠡᠯᠡ | ᠮᠥᠩᠭᠦ ᠶᠢ ᠨᠡᠶᠢᠲᠡ 100 ᠲᠦᠮᠡᠨ ᠲᠥᠭᠦᠷᠢᠭ ᠣᠯᠵᠤ᠂ ᠲᠣᠰ ᠤᠳᠠᠭᠠᠨ ᠤ ᠪᠥᠬᠦ ᠣᠷᠣᠨ ᠤ ᠱᠠᠩᠨᠠᠯ | ᠨᠥᠬᠦᠪᠦᠷᠢ ᠶᠢᠨ ᠪᠡᠯᠡ ᠮᠥᠩᠭᠦ ᠶᠢᠨ 31.25% ᠶᠢ ᠡᠵᠡᠯᠡᠵᠦ᠂ ᠪᠥᠬᠦ ᠣᠷᠣᠨ ᠤ ᠲᠡᠷᠢᠭᠦᠨ ᠳᠤ ᠣᠷᠣᠪᠠ᠃ | 2021 ᠣᠨ ᠤ 11 ᠳ᠋ᠦ᠋ᠭᠡᠷ ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠬᠠᠮᠲᠤᠷᠠᠨ ︽︿ᠰᠢᠨᠵᠢᠯᠡᠬᠦ ᠤᠬᠠᠭᠠᠨ ᠮᠡᠷᠭᠡᠵᠢᠯ ᠢᠶᠠᠷ | ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠥᠷᠭᠡᠳᠭᠡᠵᠦ ᠡᠳ᠋ ᠤᠨ ᠵᠠᠰᠠᠭ ᠤᠨ ᠪᠡᠯᠡ ᠮᠥᠩᠭᠦ ᠪᠠᠷ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠢ ᠲᠥᠷᠥ ᠶᠢᠨ | ᠪᠣᠳᠣᠯᠭ᠎ᠠ ᠨᠤᠭᠤᠳ ᠤᠨ ᠬᠡᠷᠡᠭᠵᠢᠭᠦᠯᠬᠦ ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠳᠡᠭᠡᠷ᠎ᠡ ᠫᠠᠶᠢᠰᠠ ᠡᠯᠭᠦᠭᠰᠡᠨ ᠠᠵᠤ | ᠠᠬᠤᠶᠢᠯᠠᠯ ᠢ ᠱᠠᠩᠨᠠᠵᠤ ᠨᠥᠬᠦᠪᠦᠷᠢᠯᠡᠬᠦ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠲ᠋ᠣᠺ ᠤᠨ ᠡᠷᠬᠡ ᠶᠢᠨ | ᠠᠷᠠᠯᠵᠢᠶ᠎ᠠ ᠶᠢᠨ ᠵᠠᠬ᠎ᠠ ᠳᠡᠯᠭᠡᠭᠦᠷ ᠲᠤ ᠠᠩᠬ᠎ᠠ ᠤᠳᠠᠭ᠎ᠠ ᠫᠠᠶᠢᠰᠠ ᠡᠯᠭᠦᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ | ᠬᠡᠯᠪᠡᠷᠢ ᠶᠢᠨ ᠠᠵᠤ ᠠᠬᠤᠶᠢᠯᠠᠯ ᠳᠤ ᠨᠢᠭᠡ ᠤᠳᠠᠭ᠎ᠠ ᠶᠢᠨ ᠴᠢᠨᠠᠷᠲᠠᠢ ᠪᠠᠷ 20 ᠲᠦᠮᠡᠨ ᠲᠥᠭᠦᠷᠢᠭ ᠤᠨ ᠱᠠᠩᠨᠠᠯ | ᠨᠥᠬᠦᠪᠦᠷᠢ ᠣᠯᠭᠤᠵᠤ᠂ ᠫᠠᠶᠢᠰᠠ ᠡᠯᠭᠦᠭᠰᠡᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ | ᠭᠦᠢᠯᠭᠡᠭᠡᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠠᠮᠢᠶ᠎ᠠ ᠪᠦᠬᠦᠢ ᠠᠵᠢᠯᠯᠠᠭ᠎ᠠ | ᠥᠷᠨᠢᠭᠦᠯᠬᠦ ᠶᠢ ᠳᠡᠮᠵᠢᠬᠦ ᠳᠤ ᠬᠡᠷᠡᠭᠯᠡᠨ᠎ᠡ᠃ | ᠣᠶᠢᠯᠠᠭᠠᠭᠰᠠᠨ ᠢᠶᠠᠷ᠂ ᠳᠠᠷᠠᠭᠠᠴᠢ ᠶᠢᠨ ᠠᠯᠬᠤᠮ ᠳᠤ ᠮᠠᠨ ᠤ ᠬᠤᠲᠠ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢ ᠵᠣᠯᠭᠠᠭᠤᠯᠬᠤ ᠦᠢᠯᠡᠴᠢᠯᠡᠭᠡ ᠪᠣᠯᠣᠨ ᠪᠣᠯᠪᠠᠰᠤᠷᠠᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ | ᠬᠤᠳᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠬᠤᠳᠠ ᠶᠢᠨ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ ᠲᠠᠢ ᠬᠠᠮᠲᠤᠷᠠᠨ ᠱᠠᠩᠬᠠᠢ ᠶᠢᠨ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ | ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ᠂ ᠤᠮᠠᠷᠠᠲᠤ ᠶᠢᠨ ᠦᠨᠡᠲᠦ ᠲᠡᠮᠳᠡᠭᠲᠦ ᠶᠢᠨ | ᠠᠷᠠᠯᠵᠢᠶᠠᠨ ᠤ ᠭᠠᠵᠠᠷ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠠᠬ᠎ᠠ ᠳᠡᠯᠭᠡᠭᠦᠷ ᠲᠤ ᠭᠠᠷᠴᠤ ᠪᠡᠯᠡ | ᠴᠤᠭᠯᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ | ᠢᠳᠡᠪᠬᠢᠵᠢᠯ ᠢ ᠪᠦᠲᠦᠮᠵᠢᠲᠡᠢ ᠲᠠᠶᠢᠴᠢᠯᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠤᠯᠠᠷᠢᠭᠤᠯᠤᠯᠲᠠ ᠶᠢ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ | ᠲᠦᠷᠭᠡᠳᠬᠡᠵᠦ᠂ ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠬᠥᠳᠡᠯᠭᠡᠬᠦ ᠬᠦᠴᠦᠨ | ᠣᠷᠣᠭᠤᠯᠤᠨ᠎ᠠ᠃ | ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ | |