ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠬᠠᠷᠢᠭᠤᠴᠠᠯᠭ᠎ᠠ︾ ᠶᠢᠨ ᠵᠠᠷᠯᠠᠯ
ᠨᠡᠶᠢᠲᠡᠯᠡᠭᠰᠡᠨ ᠴᠠᠭ᠄
2023/5/26
     ᠤᠰᠤᠨ ᠠᠰᠢᠭᠯᠠᠯᠲᠠ ᠶᠢᠨ ᠶᠠᠮᠤᠨ ᠤ ︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠬᠤ ᠲᠤᠬᠠᠢ ᠮᠡᠳᠡᠭᠳᠡᠯ︾ ︵ᠤᠰᠤ ᠲᠠᠷᠢᠶᠠᠯᠠᠩ ﹇2019﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢ ᠪᠦᠲᠦᠮᠵᠢᠲᠡᠶ ᠪᠠᠲᠤᠯᠠᠵᠤ᠂ ᠮᠠᠨ ᠤ ᠰᠢᠶᠠᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠢᠩ ᠱᠦᠢ ᠾᠧ ᠰᠢᠶᠠᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠢᠨᠵᠧᠨᠧᠷᠢᠩ ᠢ ᠪᠠᠶᠢᠭᠤᠯᠵᠤ ᠳᠡᠶᠢᠯᠬᠦ᠂ ᠰᠠᠶᠢᠲᠤᠷ ᠬᠠᠮᠢᠶᠠᠷᠬᠤ᠂ ᠣᠷᠳᠣ ᠬᠤᠭᠤᠴᠠᠭ᠎ᠠ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠵᠡᠷᠭᠡ ︽ᠭᠤᠷᠪᠠᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠬᠤ ᠶᠢᠨ ᠳᠤᠰᠠᠳᠠ᠂ ᠤᠳᠤ ᠮᠠᠨ ᠤ ᠰᠢᠶᠠᠨ ᠤ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠬᠠᠮᠢᠶᠠᠷᠤᠯᠲᠠ ᠶᠢᠨ ︽ᠭᠤᠷᠪᠠᠨ ᠬᠠᠷᠢᠭᠤᠴᠠᠯᠭ᠎ᠠ︾ ᠵᠢᠴᠢ ᠬᠢᠨᠠᠯᠲᠠ ᠲᠠᠯᠪᠢᠬᠤ ᠳ᠋ᠢᠶᠠᠩᠬᠤᠸᠠ ᠶᠢᠨ ᠲᠣᠬᠢᠷᠠᠭᠤᠯᠤᠯᠲᠠ ᠶᠢ ᠳᠣᠣᠷᠠᠬᠢ ᠮᠡᠲᠦ ᠵᠠᠷᠯᠠᠨ ᠨᠡᠶᠢᠲᠡᠯᠡᠶ᠎ᠡ᠄      ︵ᠨᠢᠭᠡ︶ ᠰᠢᠶᠠᠨ ᠤ ᠠᠷᠠᠳ ᠤᠨ ᠵᠠᠰᠠᠭ ᠤᠨ ᠣᠷᠳᠣᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ      ᠬᠠᠷᠢᠭᠤᠴᠠᠯᠭᠠᠲᠠᠨ᠄ ᠪᠠᠢ ᠬᠠᠢ ᠯᠢᠨ  ᠰᠢᠶᠠᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠭᠤᠣᠯ ᠲᠤᠰᠢᠶᠠᠯ ᠬᠠᠷᠢᠭᠤᠴᠠᠯᠭ᠎ᠠ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠪᠡᠶᠡᠴᠢ ᠴᠣᠭᠴᠠ ᠮᠥᠨ᠂ ᠬᠠᠷᠢᠶᠠᠯᠠᠬᠤ ᠬᠡᠪᠴᠢᠶᠡᠨ ᠳᠠᠬᠢ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠳᠦᠷᠢᠮ ᠤᠨ ᠪᠠᠲᠤᠯᠠᠭ᠎ᠠ᠂ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠲᠠᠨ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ ᠬᠠᠷᠢᠭᠤᠴᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃      ︵ᠬᠤᠶᠠᠷ︶ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ      ᠬᠠᠷᠢᠭᠤᠴᠠᠯᠭᠠᠲᠠᠨ᠄ ᠾᠧᠦ ᠢᠦᠢ ᠽᠠᠢ  ᠰᠢᠶᠠᠨ ᠤ ᠤᠰᠤᠨ ᠤ ᠶᠠᠪᠤᠳᠠᠯ ᠤᠨ ᠲᠣᠪᠴᠢᠶᠠᠨ ᠤ ᠳᠠᠷᠤᠭ᠎ᠠ      ᠭᠤᠣᠯ ᠲᠤᠰᠢᠶᠠᠯ ᠬᠠᠷᠢᠭᠤᠴᠠᠯᠭ᠎ᠠ᠄ ᠴᠢᠩ ᠱᠦᠢ ᠾᠧ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ᠨᠢ ᠠᠵᠢᠯ ᠲᠦᠷᠦᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠤᠨ ᠲᠥᠯᠦᠪᠵᠢᠭᠦᠯᠭᠡ᠂ ᠵᠦᠢᠯᠡᠰ ᠢ ᠬᠡᠷᠡᠭᠵᠢᠭᠦᠯᠬᠦ ᠲᠥᠰᠥᠯ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠰᠠᠶᠢᠲᠤᠷ ᠠᠳᠬᠤᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠤᠯᠭᠦᠢ ᠶᠢᠨ ᠢᠨᠵᠧᠨᠧᠷᠢᠩ ᠤᠨ ᠪᠠᠶᠢᠭᠤᠯᠤᠯᠲᠠ ᠵᠢᠴᠢ ᠠᠵᠢᠯᠯᠠᠭᠠᠨ ᠤ ᠬᠠᠮᠢᠶᠠᠷᠤᠯᠲᠠ ᠵᠡᠷᠭᠡ ᠠᠵᠢᠯ ᠢ ᠵᠢᠯᠣᠭᠤᠳᠤᠨ ᠬᠢᠨᠠᠨ ᠬᠠᠮᠢᠶᠠᠷᠬᠤ ᠶᠢ ᠬᠠᠷᠢᠭᠤᠴᠠᠨ᠎ᠠ᠃      ︵ᠭᠤᠷᠪᠠ︶ ᠤᠰᠤ ᠬᠠᠩᠭᠠᠬᠤ ᠨᠢᠭᠡᠴᠡ ᠶᠢᠨ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ      ᠬᠠᠷᠢᠭᠤᠴᠠᠯᠭᠠᠲᠠᠨ᠄ ᠡᠯ᠎ᠡ ᠤᠰᠤᠨ ᠤ ᠦᠢᠯᠡᠳᠪᠦᠷᠢ ᠶᠢᠨ ᠬᠠᠷᠢᠭᠤᠴᠠᠯᠭᠠᠲᠠᠨ ᠵᠢᠴᠢ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ      ᠭᠤᠣᠯ ᠡᠭᠦᠷᠭᠡ ᠬᠠᠷᠢᠭᠤᠴᠠᠯᠭ᠎ᠠ᠄ ᠰᠢᠶᠠᠨ ᠤ ᠲᠦᠭᠡᠭᠡᠯ ᠤᠰᠤᠨ ᠤ ᠺᠣᠮᠫᠠᠨᠢ ᠪᠣᠯ ᠮᠢᠩᠭ᠎ᠠ ᠠᠴᠠ ᠳᠡᠭᠡᠭᠰᠢ ᠬᠥᠮᠥᠨ ᠤ ᠤᠰᠤ ᠬᠠᠩᠭᠠᠬᠤ ᠢᠨᠵᠧᠨᠧᠷᠢᠩ ︵ᠪᠠᠷᠠᠭᠤᠨ ᠬᠦᠷᠢᠶᠡᠲᠦ ᠤᠰᠤ ᠬᠠᠩᠭᠠᠬᠤ ᠢᠨᠵᠧᠨᠧᠷᠢᠩ᠂ ᠯᠠᠮᠠ ᠶᠢᠨ ᠲᠣᠬᠤᠢ ᠪᠠᠯᠭᠠᠰᠤᠨ ᠤ ᠤᠰᠤ ᠬᠠᠩᠭᠠᠬᠤ ᠢᠨᠵᠧᠨᠧᠷᠢᠩ︶ ᠤᠨ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠢ ᠪᠣᠯᠣᠨ᠎ᠠ᠃ ᠡᠯ᠎ᠡ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠲᠠᠩ ᠭᠠᠴᠠᠭ᠎ᠠ ᠪᠠ ᠲᠠᠷᠠᠬᠠᠢ ᠪᠤᠲᠠᠷᠬᠠᠢ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠢ ᠳᠤ᠂ ᠬᠡᠷᠡᠭᠯᠡᠭᠴᠢᠳ ᠲᠤ ᠤᠰᠤᠨ ᠤ ᠴᠢᠨᠠᠷ᠂ ᠤᠰᠤᠨ ᠤ ᠬᠡᠮᠵᠢᠶ᠎ᠡ ᠶᠢᠨ ᠱᠠᠭᠠᠷᠳᠠᠯᠭ᠎ᠠ ᠳᠤ ᠨᠡᠶᠢᠴᠡᠭᠰᠡᠨ ᠤᠰᠤ ᠬᠠᠩᠭᠠᠬᠤ ᠦᠢᠯᠡᠴᠢᠯᠡᠭᠡ ᠬᠠᠩᠭᠠᠵᠤ᠂ ᠬᠡᠪ ᠤᠨ ᠤᠰᠤᠨ ᠤ ᠬᠠᠩᠭᠠᠯᠭ᠎ᠠ ᠶᠢ ᠪᠠᠲᠤᠯᠠᠨ᠂ ᠵᠣᠬᠢᠬᠤ ᠠᠵᠢᠯᠲᠠᠨ ᠢ ᠨᠠᠶᠢᠳᠠᠪᠤᠷᠢᠵᠢᠭᠤᠯᠵᠤ᠂ ᠤᠰᠤᠨ ᠤ ᠡᠬᠢ ᠰᠤᠷᠪᠤᠯᠵᠢ ᠶᠢ ᠲᠣᠭᠤᠷᠢᠨ ᠪᠠᠶᠢᠴᠠᠭᠠᠬᠤ᠂ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ᠂ ᠤᠰᠤᠨ ᠤ ᠴᠢᠨᠠᠷ ᠢ ᠪᠠᠶᠢᠴᠠᠭᠠᠨ ᠰᠢᠯᠭᠠᠬᠤ᠂ ᠤᠰᠤᠨ ᠤ ᠰᠦᠢᠳᠬᠡᠯ ᠢ ᠪᠤᠳᠤᠵᠤ ᠬᠤᠷᠢᠶᠠᠬᠤ ᠪᠠ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠨ᠎ᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1