︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ | ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠲᠤᠭᠤᠷᠪᠢᠭᠰᠠᠨ ᠠᠬᠤᠢ | ᠪᠠᠶᠢᠳᠠᠯ | ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ | ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ︾ ︵ᠳᠣᠷᠣᠭᠰᠢ ︽ᠪᠦᠲᠦᠭᠡᠨ ᠪᠠᠶᠢᠭᠤᠯᠬᠤ ᠳᠦᠷᠢᠮ︾ ᠭᠡᠵᠦ | ᠲᠣᠪᠴᠢᠯᠠᠨ᠎ᠠ︶ ᠢ 2007 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠭᠰᠡᠨ ︵ | 2010 ᠣᠨ᠂ 2021 ᠣᠨ ᠳᠤ ᠬᠤᠶᠠᠷ ᠤᠳᠠᠭ᠎ᠠ ᠵᠠᠰᠠᠪᠤᠷᠢ ᠣᠷᠤᠭᠤᠯᠪᠠ︶ ᠠᠴᠠ ᠨᠠᠰᠢ᠂ ᠮᠠᠨ ᠤ | ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠦᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢ ᠬᠠᠤᠯᠢ ᠪᠠᠷ ᠵᠠᠰᠠᠬᠤ ᠬᠠᠮᠢᠶᠠᠷᠤᠯᠲᠠ ᠶᠢᠨ ᠵᠠᠮ ᠳᠤ ᠣᠷᠣᠭᠤᠯᠪᠠ᠃ ᠰᠤᠷᠭᠠᠨ ᠬᠥᠮᠦᠵᠢᠯ᠂ | ᠪᠠᠶᠢᠭᠠᠯᠢ ᠶᠢᠨ ᠡᠬᠢ ᠪᠠᠶᠠᠯᠢᠭ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠣᠷᠣᠨ ᠰᠠᠭᠤᠴᠠ ᠪᠠ | ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠭᠠᠵᠠᠷ ᠰᠢᠷᠣᠢ ᠶᠢ ᠬᠤᠷᠢᠶᠠᠨ ᠨᠥᠭᠡᠴᠡᠯᠡᠬᠦ ᠵᠡᠷᠭᠡ ᠰᠠᠯᠠᠭ᠎ᠠ | ᠮᠥᠴᠢᠷ ᠤᠳ ᠢᠳᠡᠪᠬᠢᠲᠡᠢ ᠪᠠᠷ ᠬᠠᠮᠵᠢᠯᠴᠠᠨ᠂ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠢ | ᠲᠥᠯᠥᠪᠵᠢᠭᠦᠯᠬᠦ᠂ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠬᠤ᠂ ᠰᠢᠶᠠᠨ ᠤ ᠬᠡᠪᠴᠢᠶᠡᠨ ᠳᠠᠬᠢ ᠰᠤᠷᠭᠠᠨ | ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ | ᠠᠵᠢᠯ ᠬᠢᠵᠦ᠂ ᠪᠠᠶᠠᠷᠯᠠᠭᠤᠰᠢᠲᠠᠢ ᠠᠮᠵᠢᠯᠲᠠ ᠣᠯᠪᠠ᠃ | ᠭᠡᠪᠡᠴᠦ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠢ ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠤᠨ | ᠳᠤᠮᠳᠠ ᠪᠠᠰᠠ ᠣᠮᠲᠣᠭᠠᠶᠢᠯᠠᠵᠤ ᠪᠣᠯᠣᠰᠢ ᠦᠭᠡᠢ ᠠᠰᠠᠭᠤᠳᠠᠯ ᠤᠳ ᠣᠷᠣᠰᠢᠵᠤ ᠪᠠᠶᠢᠨ᠎ᠠ᠃ ᠨᠢᠭᠡ ᠳᠤ᠂ ︽ | ᠪᠦᠲᠦᠭᠡᠨ ᠪᠠᠶᠢᠭᠤᠯᠤᠯᠲᠠ ᠶᠢᠨ ᠳᠦᠷᠢᠮ︾ ᠨᠢ ᠬᠠᠷᠢᠴᠠᠩᠭᠤᠢ ᠬᠤᠷᠸ᠎ᠠ ᠲᠠᠯ᠎ᠠ ᠲᠠᠢ ᠪᠠᠶᠢᠵᠤ᠂ ᠡᠯ᠎ᠡ ᠭᠠᠵᠠᠷ ᠣᠷᠣᠨ | ᠡᠯ᠎ᠡ ᠰᠠᠯᠠᠭ᠎ᠠ ᠮᠥᠴᠢᠷ ᠬᠡᠷᠡᠭᠵᠢᠭᠦᠯᠬᠦ ᠶᠠᠪᠤᠴᠠ ᠳᠤ᠂ ᠪᠠᠷᠢᠮᠵᠢᠶ᠎ᠠ ᠶᠢ ᠡᠵᠡᠮᠳᠡᠬᠦ ᠲᠠᠯ᠎ᠠ ᠪᠠᠷ ᠵᠣᠬᠢᠬᠤ ᠲᠣᠭᠲᠠᠪᠤᠷᠢ | ᠦᠭᠡᠢ ᠴᠢᠨᠠᠷ ᠲᠠᠢ ᠪᠠᠶᠢᠳᠠᠭ᠃ ᠬᠤᠶᠠᠷ ᠲᠤ ᠬᠤᠳᠠ ᠶᠢᠨ ᠬᠥᠭᠵᠢᠯᠲᠡ ᠶᠢ ᠳᠠᠭᠠᠯᠳᠤᠨ᠂ ᠰᠢᠨ᠎ᠡ ᠪᠠᠷ ᠨᠡᠭᠡᠭᠡᠨ | ᠬᠥᠭᠵᠢᠭᠦᠯᠦᠭᠰᠡᠨ ᠭᠠᠵᠠᠷ ᠣᠷᠣᠨ ᠳᠤ ᠢᠵᠢ ᠪᠦᠷᠢᠳᠦᠭᠰᠡᠨ ᠰᠤᠷᠭᠠᠨ ᠬᠥᠮᠦᠵᠢᠯ ᠳᠤ ᠬᠡᠷᠡᠭᠯᠡᠬᠦ | ᠲᠥᠯᠦᠪᠵᠢᠭᠦᠯᠭᠡ ᠶᠢᠨ ᠭᠠᠵᠠᠷ ᠳᠤᠲᠠᠭᠳᠠᠵᠤ᠂ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠬᠠᠷᠢᠴᠠᠩᠭᠤᠢ ᠪᠠᠷ ᠬᠤᠴᠤᠷᠤᠩᠭᠤᠢ ᠪᠠᠶᠢᠨ᠎ᠠ᠃ ᠭᠤᠷᠪᠠ ᠳᠤ ᠳᠤᠮᠳᠠᠳᠤ | ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠳᠤᠮᠳᠠᠴᠢ ᠬᠡᠷᠡᠭᠯᠡᠬᠦ ᠭᠠᠵᠠᠷ ᠤᠨ ᠪᠠᠷᠢᠮᠵᠢᠶ᠎ᠠ ᠨᠢ ︽ᠪᠦᠲᠦᠭᠡᠨ | ᠪᠠᠶᠢᠭᠤᠯᠤᠯᠲᠠ ᠶᠢᠨ ᠳᠦᠷᠢᠮ︾ ᠤᠨ ᠲᠣᠭᠲᠠᠭᠠᠯ ᠳᠤ ᠬᠦᠷᠬᠦ ᠦᠭᠡᠢ᠂ ᠬᠤᠲᠠ ᠶᠢᠨ ᠳᠥᠷᠪᠡᠨ ᠲᠣᠭᠤᠷᠢᠭ ᠤᠨ | ᠬᠠᠭᠤᠴᠢᠨ ᠬᠤᠲᠠ ᠶᠢᠨ ᠲᠣᠭᠤᠷᠢᠭ ᠢ ᠥᠭᠡᠷᠡᠴᠢᠯᠡᠬᠦ ᠳᠤ ᠰᠤᠷᠭᠠᠭᠤᠯᠢ ᠶᠢᠨ ᠬᠡᠷᠡᠭᠯᠡᠬᠦ ᠭᠠᠵᠠᠷ ᠢ ᠨᠥᠬᠦᠪᠦᠷᠢᠯᠡᠬᠦ ᠶᠢ | ᠪᠣᠳᠣᠯᠬᠢᠯᠠᠬᠤ ᠳᠤ ᠮᠠᠰᠢ ᠬᠦᠴᠢᠷᠲᠡᠢ ᠪᠠᠶᠢᠵᠤ᠂ ᠣᠲᠣ ᠶᠢᠨ ᠪᠠᠶᠢᠭ᠎ᠠ ᠳᠤᠮᠳᠠᠳᠤ ᠪᠠᠭ᠎ᠠ ᠰᠤᠷᠭᠠᠭᠤᠯᠢ ᠶᠢᠨ | ᠰᠣᠷᠣᠭᠴᠢ ᠶᠢᠨ ᠳᠤᠮᠳᠠᠴᠢ ᠡᠵᠡᠯᠡᠬᠦ ᠭᠠᠵᠠᠷ᠂ ᠠᠵᠢᠯᠯᠠᠭᠠᠨ ᠤ ᠲᠠᠯᠠᠪᠤᠷ ᠤᠨ ᠲᠠᠯᠠᠪᠠᠶ ᠨᠢ ᠨᠡᠯᠢᠶᠡᠳ ᠪᠠᠭ᠎ᠠ ᠪᠠᠶᠢᠵᠤ᠂ | ᠥᠪᠡᠷᠲᠡᠭᠡᠨ ᠵᠠᠰᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠭᠤᠯᠢ | ᠡᠷᠭᠢᠯᠡᠬᠦ ᠦᠨᠳᠦᠰᠦᠨ ᠪᠠᠷᠢᠮᠵᠢᠶ᠎ᠠ ᠳᠤ ᠬᠤᠯᠠ ᠬᠦᠷᠬᠦ ᠦᠭᠡᠢ ᠪᠠᠶᠢᠨ᠎ᠠ᠃ ᠳᠥᠷᠪᠡ ᠳᠤ ᠣᠷᠣᠨ ᠰᠠᠭᠤᠴᠠ ᠶᠢᠨ | ᠲᠣᠭᠤᠷᠢᠭ ᠢ ᠨᠡᠭᠡᠭᠡᠨ ᠬᠥᠭᠵᠢᠭᠦᠯᠬᠦ ᠳᠤ ᠲᠣᠬᠢᠷᠠᠭᠤᠯᠤᠨ ᠪᠠᠶᠢᠭᠤᠯᠤᠭᠰᠠᠨ ᠳᠤᠮᠳᠠᠳᠤ ᠪᠠᠭ᠎ᠠ ᠰᠤᠷᠭᠠᠭᠤᠯᠢ᠂ | ᠬᠡᠦᠬᠡᠳ ᠤᠨ ᠴᠡᠴᠡᠷᠯᠢᠭ ᠲᠤ ᠬᠡᠷᠡᠭᠯᠡᠬᠦ ᠡᠷᠬᠡ ᠶᠢᠨ ᠬᠠᠷᠢᠶᠠᠯᠠᠯ ᠪᠠ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠢ | ᠲᠣᠳᠣᠷᠬᠠᠢ ᠲᠣᠭᠲᠠᠭᠠᠬᠤ ᠬᠡᠷᠡᠭᠲᠡᠢ︔ ᠢᠵᠢ ᠪᠦᠷᠢᠳᠦᠭᠦᠯᠦᠨ ᠪᠠᠶᠢᠭᠤᠯᠤᠭᠰᠠᠨ ᠬᠡᠦᠬᠡᠳ ᠤᠨ ᠴᠡᠴᠡᠷᠯᠢᠭ ᠲᠤ | ᠲᠦᠷᠢᠶᠡᠰᠦᠯᠡᠭᠦᠯᠬᠦ᠂ ᠬᠤᠳᠠᠯᠳᠤᠬᠤ ᠮᠥᠷᠲᠡᠭᠡᠨ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠪᠣᠯᠭᠠᠨ | ᠡᠷᠭᠢᠯᠡᠬᠦ ᠠᠰᠠᠭᠤᠳᠠᠯ ᠣᠷᠣᠰᠢᠵᠤ᠂ ᠡᠲᠡᠭᠡᠷ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠶᠠᠰᠤ | ᠴᠢᠨᠠᠷ ᠤᠨ ᠲᠠᠰ ᠳᠠᠪᠬᠤᠷᠭ᠎ᠠ ᠨᠢ ᠠᠳᠠᠯᠢ ᠦᠭᠡᠢ᠂ ᠬᠤᠷᠢᠶᠠᠬᠤ ᠰᠦᠢᠳᠬᠡᠯ ᠨᠢ ᠥᠨᠳᠥᠷ ᠰᠢᠭ᠂ ᠠᠷᠠᠳ ᠣᠯᠠᠨ ᠤ | ᠠᠵᠤ ᠠᠬᠤᠢ ᠶᠢᠨ ᠳᠠᠷᠤᠭᠠᠰᠤ ᠬᠦᠨᠳᠦ ᠪᠠᠶᠢᠨ᠎ᠠ᠃ ᠵᠠᠷᠢᠮ ᠢᠵᠢ ᠪᠦᠷᠢᠳᠦᠭᠦᠯᠦᠭᠰᠡᠨ ᠬᠡᠦᠬᠡᠳ ᠤᠨ ᠴᠡᠴᠡᠷᠯᠢᠭ ᠤᠨ | ᠵᠢᠷᠤᠭ ᠲᠥᠯᠥᠪᠯᠡᠭᠡ ᠨᠢ ᠲᠤᠰᠬᠠᠢ ᠮᠡᠷᠭᠡᠵᠢᠯ ᠤᠨ ᠬᠢ ᠳᠤ ᠬᠦᠷᠬᠦ ᠦᠭᠡᠢ ᠪᠠᠶᠢᠵᠤ᠂ ᠵᠠᠷᠢᠮ ᠣᠷᠣᠨ ᠰᠠᠭᠤᠴᠠ ᠶᠢᠨ | ᠵᠢᠵᠢᠭ ᠲᠣᠭᠤᠷᠢᠭ ᠲᠤ ᠲᠥᠯᠦᠪᠵᠢᠭᠦᠯᠭᠡ ᠶᠣᠰᠣᠭᠠᠷ ᠬᠡᠦᠬᠡᠳ ᠤᠨ ᠴᠡᠴᠡᠷᠯᠢᠭ ᠪᠠᠶᠢᠭᠤᠯᠤᠭᠰᠠᠨ ᠦᠭᠡᠢ᠃ | ᠳᠡᠭᠡᠷ᠎ᠡ ᠳᠤᠷᠠᠳᠤᠭᠰᠠᠨ ᠠᠰᠠᠭᠤᠳᠠᠯ ᠢ ᠰᠢᠢᠳᠪᠦᠷᠢᠯᠡᠵᠦ᠂ ︽ᠪᠦᠲᠦᠭᠡᠨ ᠪᠠᠶᠢᠭᠤᠯᠤᠯᠲᠠ ᠶᠢᠨ ᠳᠦᠷᠢᠮ︾ ᠢ | ᠨᠡᠩ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 2019 ᠣᠨ ᠤ 14 ᠳ᠋ᠤᠭᠡᠷ | ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠠᠴᠠ ︽ᠪᠦᠲᠦᠭᠡᠨ ᠪᠠᠶᠢᠭᠤᠯᠤᠯᠲᠠ ᠶᠢᠨ | ᠳᠦᠷᠢᠮ︾ ᠤᠨ ᠬᠡᠷᠡᠭᠵᠢᠭᠦᠯᠬᠦ ᠠᠷᠭ᠎ᠠ ᠶᠢ ᠲᠣᠭᠲᠠᠭᠠᠬᠤ ᠠᠵᠢᠯ ᠤᠨ ᠪᠠᠶᠢᠷᠢᠯᠠᠭᠤᠯᠤᠯᠲᠠ ᠬᠢᠵᠡᠢ᠃ 2022 | ᠣᠨ ᠳᠤ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ | ᠣᠷᠣᠨ ᠤ ᠲᠥᠪ ᠤᠨ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠲᠤᠬᠠᠢ | ᠰᠠᠨᠠᠯ︾ ︵ᠬᠥᠬᠡᠬᠤᠲᠠ ᠨᠠᠮ ᠲᠠᠷᠬᠠᠭᠠᠭᠰᠠᠨ ﹇2022﹈ 3 ᠳ᠋ᠤᠭᠠᠷ ᠲᠣᠭᠠᠲᠤ︶ ᠳᠤ ᠬᠤᠲᠠ ᠶᠢᠨ ᠵᠠᠰᠠᠭ ᠤᠨ | ᠣᠷᠳᠣᠨ ᠠᠴᠠ ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ | ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠰᠤᠳᠤᠯᠤᠨ ᠲᠣᠭᠲᠠᠭᠠᠵᠤ | ᠨᠡᠶᠢᠲᠡᠯᠡᠨ᠎ᠡ ᠭᠡᠵᠦ ᠤᠯᠠᠮ ᠨᠢᠭᠡ ᠠᠯᠬᠤᠮ ᠲᠣᠳᠣᠷᠬᠠᠢ ᠳᠤᠷᠠᠳᠤᠨ ᠭᠠᠷᠭᠠᠪᠠ᠃ ︽ᠬᠡᠷᠡᠭᠵᠢᠭᠦᠯᠬᠦ ᠠᠷᠭ᠎ᠠ︾ ᠶᠢ | ᠨᠡᠶᠢᠲᠡᠯᠡᠬᠦ ᠨᠢ ᠰᠤᠷᠭᠠᠭᠤᠯᠢ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ | ᠵᠢᠷᠤᠮᠵᠢᠭᠤᠯᠬᠤ᠂ ᠰᠤᠷᠭᠠᠭᠤᠯᠢ ᠶᠢᠨ ᠪᠠᠶᠢᠷᠢᠰᠢᠯ ᠢ ᠲᠡᠭᠦᠯᠳᠡᠷᠵᠢᠭᠦᠯᠬᠦ᠂ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠠᠮᠠᠭᠠᠯᠠᠬᠤ᠂ ᠰᠤᠷᠭᠠᠨ ᠬᠥᠮᠦᠵᠢᠯ ᠤᠨ ᠦᠨᠳᠦᠰᠦᠨ ᠪᠦᠲᠦᠭᠡᠨ | ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠵᠢᠷᠤᠮᠵᠢᠭᠤᠯᠬᠤ᠂ ᠰᠤᠷᠭᠠᠨ ᠬᠥᠮᠦᠵᠢᠯ ᠤᠨ | ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠨᠠᠩ ᠬᠦᠴᠦᠲᠡᠢ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ | ᠬᠠᠩᠭᠠᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠤᠪᠢᠶᠠᠷᠢᠯᠠᠯᠲᠠ ᠶᠢᠨ ᠵᠦᠢ ᠵᠣᠬᠢᠰ ᠦᠭᠡᠢ ᠪᠠᠶᠢᠬᠤ | ᠣᠳᠣᠬᠢ ᠪᠠᠶᠢᠳᠠᠯ ᠢ ᠲᠤᠶᠢᠯ ᠤᠨ ᠶᠡᠬᠡᠪᠡᠷ ᠰᠠᠶᠢᠵᠢᠷᠠᠭᠤᠯᠤᠨ᠂ ᠬᠤᠲᠠ ᠶᠢᠨ ᠵᠣᠬᠢᠴᠠᠩᠭᠤᠢ ᠲᠦᠷᠭᠡᠨ | ᠬᠥᠭᠵᠢᠯᠲᠡ ᠶᠢ ᠲᠦᠯᠬᠢᠨ ᠠᠬᠢᠭᠤᠯᠬᠤ ᠪᠣᠯᠣᠨ᠎ᠠ᠃ | ︽ᠬᠥᠬᠡᠬᠤᠲᠠ ᠶᠢᠨ ᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ | ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢᠨ ᠭᠤᠣᠯ ᠠᠭᠤᠯᠭ᠎ᠠ | ︽ᠬᠡᠷᠡᠭᠵᠢᠭᠦᠯᠬᠦ ᠠᠷᠭ᠎ᠠ︾ ᠨᠢ ᠨᠡᠶᠢᠲᠡ ᠠᠷᠪᠠᠨ ᠵᠦᠢᠯ ᠲᠠᠢ᠂ ᠭᠤᠣᠯᠳᠠᠭᠤ ᠳᠥᠷᠪᠡᠨ ᠬᠡᠰᠡᠭ ᠬᠤᠪᠢᠶᠠᠵᠤ᠂ | ᠨᠢᠭᠡᠳᠦᠭᠡᠷ ᠬᠡᠰᠡᠭ ︵ᠨᠢᠭᠡᠳᠦᠭᠡᠷ᠂ ᠬᠤᠶᠠᠳᠤᠭᠠᠷ ᠵᠦᠢᠯ︶ ᠲᠤ ᠭᠤᠣᠯᠳᠠᠭᠤ ᠲᠣᠰ ᠠᠷᠭ᠎ᠠ ᠶᠢ ᠲᠣᠭᠲᠠᠭᠠᠭᠰᠠᠨ | ᠰᠢᠯᠲᠠᠭᠠᠨ ᠵᠢᠴᠢ ᠦᠢᠯᠡᠳᠦᠯ ᠢ ᠲᠣᠳᠤᠷᠬᠠᠶᠢᠯᠠᠪᠠ︔ ᠬᠤᠶᠠᠳᠤᠭᠠᠷ ᠬᠡᠰᠡᠭ ︵ᠭᠤᠷᠪᠠ ᠠᠴᠠ ᠳᠣᠯᠣᠳᠤᠭᠠᠷ ᠵᠦᠢᠯ︶ | ᠲᠤ ᠭᠤᠣᠯᠳᠠᠭᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠪᠠᠶᠢᠭᠤᠯᠬᠤ ᠳᠤ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠠᠴᠠ ᠲᠥᠷᠥᠯ ᠵᠦᠢᠯ ᠳᠤ ᠬᠡᠷᠡᠭᠯᠡᠬᠦ ᠭᠠᠵᠠᠷ ᠢ ᠬᠡᠷᠬᠢᠨ | ᠪᠠᠲᠤᠯᠠᠬᠤ ᠵᠡᠷᠭᠡ ᠲᠠᠯ᠎ᠠ ᠶᠢᠨ ᠠᠭᠤᠯᠭ᠎ᠠ ᠶᠢ ᠲᠣᠳᠤᠷᠬᠠᠶᠢᠯᠠᠪᠠ︔ ᠭᠤᠷᠪᠠᠳᠤᠭᠠᠷ ᠬᠡᠰᠡᠭ ︵ᠨᠠᠢᠮᠠᠳᠤᠭᠠᠷ ᠵᠦᠢᠯ︶ | ᠲᠤ ᠭᠤᠣᠯᠳᠠᠭᠤ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠢᠷᠡᠯᠲᠡ ᠵᠢᠴᠢ ᠬᠠᠷᠢᠶ᠎ᠠ ᠣᠷᠣᠨ ᠤ | ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠲᠣᠳᠤᠷᠬᠠᠶᠢᠯᠠᠪᠠ︔ ᠳᠥᠷᠪᠡᠳᠦᠭᠡᠷ ᠬᠡᠰᠡᠭ ︵ᠶᠢᠰᠦᠳᠦᠭᠡᠷ ᠵᠦᠢᠯ︶ | ᠲᠤ ᠭᠤᠣᠯᠳᠠᠭᠤ ᠢᠵᠢ ᠪᠦᠷᠢᠳᠦᠭᠦᠯᠬᠦ ᠬᠡᠦᠬᠡᠳ ᠤᠨ ᠴᠡᠴᠡᠷᠯᠢᠭ ᠢ ᠪᠦᠲᠦᠭᠡᠨ ᠪᠠᠶᠢᠭᠤᠯᠬᠤ ᠳᠤᠮᠳᠠᠬᠢ ᠡᠯ᠎ᠡ ᠵᠠᠰᠠᠭ | ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ | ᠨᠢᠭᠡᠴᠡ ᠶᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢ ᠲᠣᠳᠤᠷᠬᠠᠶᠢᠯᠠᠪᠠ᠃ | ︽ᠬᠡᠷᠡᠭᠵᠢᠭᠦᠯᠬᠦ ᠠᠷᠭ᠎ᠠ︾ ᠳᠤ ᠳᠥᠷᠪᠡᠨ ᠲᠠᠯ᠎ᠠ ᠶᠢᠨ ᠠᠭᠤᠯᠭ᠎ᠠ ᠶᠢ ᠭᠤᠣᠯᠳᠠᠯᠭ᠎ᠠ ᠲᠠᠢ ᠴᠢᠩᠭᠠᠳᠬᠠᠪᠠ᠄ | ︵ᠨᠢᠭᠡ︶ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠢ ᠴᠢᠩᠭᠠᠳᠬᠠᠪᠠ᠃ ︽ᠬᠡᠷᠡᠭᠵᠢᠭᠦᠯᠬᠦ ᠠᠷᠭ᠎ᠠ︾ ᠳᠤ | ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ | ᠶᠠᠪᠤᠴᠠ ᠳᠠᠬᠢ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠵᠢᠴᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠡ ᠶᠢᠨ ᠲᠣᠬᠢᠷᠠᠭᠤᠯᠤᠨ ᠪᠠᠶᠢᠭᠤᠯᠬᠤ | ᠬᠠᠷᠢᠭᠤᠴᠠᠯᠭ᠎ᠠ ᠪᠠ ᠡᠭᠦᠷᠭᠡ ᠶᠢ ᠲᠣᠳᠣᠷᠬᠠᠶᠢᠯᠠᠬᠤ ᠶᠢᠨ ᠬᠠᠮᠲᠤ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠪᠤᠶᠤ ᠬᠢᠨᠠᠨ ᠬᠠᠷᠭᠤᠭᠤᠯᠬᠤ ᠳᠤ ᠣᠷᠤᠯᠴᠠᠬᠤ ᠬᠡᠷᠡᠭᠲᠡᠢ | ᠭᠡᠬᠦ ᠠᠭᠤᠯᠭ᠎ᠠ ᠶᠢ ᠨᠡᠮᠡᠵᠦ᠂ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠳᠤᠮᠳᠠᠳᠤ ᠪᠠᠭ᠎ᠠ ᠰᠤᠷᠭᠠᠭᠤᠯᠢ | ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠳᠤᠮᠳᠠᠬᠢ ᠬᠠᠷᠢᠭᠤᠴᠠᠯᠭ᠎ᠠ ᠶᠢ ᠨᠠᠩ | ᠳᠣᠪᠤᠶᠢᠯᠭᠠᠪᠠ᠃ | ︵ᠬᠤᠶᠠᠷ︶ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠪᠠ᠃ ︽ᠬᠡᠷᠡᠭᠵᠢᠭᠦᠯᠬᠦ ᠠᠷᠭ᠎ᠠ︾ ᠳᠤ ᠭᠠᠵᠠᠷ | ᠰᠢᠷᠣᠢ ᠬᠠᠩᠭᠠᠬᠤ ᠠᠳᠠᠯᠢ ᠪᠤᠰᠤ ᠠᠷᠭ᠎ᠠ ᠮᠠᠶ᠋ᠢᠭ ᠢ ᠲᠣᠳᠣᠷᠬᠠᠢ ᠲᠣᠭᠲᠠᠭᠠᠵᠤ᠂ ᠰᠤᠷᠭᠠᠨ ᠬᠥᠮᠦᠵᠢᠯ ᠳᠤ ᠬᠡᠷᠡᠭᠯᠡᠬᠦ | ᠭᠠᠵᠠᠷ ᠰᠢᠷᠣᠢ ᠶᠢᠨ ᠰᠢᠢᠳᠪᠦᠷᠢᠯᠡᠯᠲᠡ ᠶᠢ ᠵᠢᠷᠤᠮᠵᠢᠭᠤᠯᠤᠨ᠂ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ | ᠰᠢᠷᠣᠢ ᠶᠢᠨ ᠬᠡᠷᠡᠭᠯᠡᠯᠲᠡ ᠶᠢᠨ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠪᠠᠶᠢᠳᠠᠯ ᠳᠤ ᠴᠢᠭᠯᠡᠭᠦᠯᠦᠨ᠂ | ᠬᠡᠷᠡᠭᠵᠢᠭᠦᠯᠬᠦ ᠴᠢᠨᠠᠷ ᠢᠶᠠᠷ ᠴᠢᠩᠭ᠎ᠠ ᠬᠤᠯᠪᠤᠭᠳᠠᠯ ᠪᠦᠬᠦᠢ ᠴᠣᠪᠤᠷᠠᠯ ᠢ ᠳᠤᠷᠠᠳᠤᠨ ᠭᠠᠷᠭᠠᠵᠤ᠂ ᠰᠤᠷᠭᠠᠨ | ᠬᠥᠮᠦᠵᠢᠯ ᠳᠤ ᠬᠡᠷᠡᠭᠯᠡᠬᠦ ᠭᠠᠵᠠᠷ ᠰᠢᠷᠣᠢ ᠶᠢ ᠪᠦᠲᠦᠮᠵᠢᠲᠡᠶ ᠬᠠᠮᠠᠭᠠᠯᠠᠪᠠ᠃ | ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠳᠬᠠᠪᠠ᠃ ︽ᠬᠡᠷᠡᠭᠵᠢᠭᠦᠯᠬᠦ ᠠᠷᠭ᠎ᠠ︾ ᠳᠤ | ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ | ᠢᠷᠡᠯᠲᠡ ᠶᠢ ᠲᠣᠳᠣᠷᠬᠠᠶᠢᠯᠠᠵᠤ᠂ ᠬᠤᠲᠠ ᠶᠢᠨ ᠪᠡᠯᠡᠳᠬᠡᠮᠵᠢ ᠶᠢᠨ ᠢᠵᠢ ᠪᠦᠷᠢᠳᠦᠭᠦᠯᠬᠦ ᠵᠠᠷᠤᠳᠠᠯ ᠵᠡᠷᠭᠡ ᠬᠠᠤᠯᠢ ᠪᠠᠷ | ᠲᠣᠭᠲᠠᠭᠠᠭᠰᠠᠨ ᠣᠷᠣᠭᠤᠯᠤᠯᠲᠠ ᠶᠢᠨ ᠲᠥᠷᠥ ᠶᠢᠨ ᠪᠣᠳᠣᠯᠭ᠎ᠠ ᠵᠢᠴᠢ ᠬᠠᠷᠢᠶ᠎ᠠ ᠣᠷᠣᠨ ᠤ ᠵᠠᠰᠠᠭ ᠤᠨ ᠣᠷᠳᠣᠨ ᠤ | ᠪᠡᠯᠡ ᠮᠥᠩᠭᠦ ᠶᠢᠨ ᠣᠷᠣᠭᠤᠯᠤᠯᠲᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠪᠠ︔ | ᠡᠭᠦᠨ ᠤ ᠬᠠᠮᠲᠤ ᠪᠠᠰᠠ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠣᠷᠣᠯᠠᠨ ᠪᠠᠶᠢᠭᠤᠯᠬᠤ ᠪᠤᠶᠤ ᠲᠤᠰᠠᠯᠠᠨ | ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠᠶᠢᠭᠤᠯᠬᠤ ᠶᠢ | ᠵᠣᠷᠢᠭᠵᠢᠭᠤᠯᠤᠨ᠎ᠠ᠃ | ︵ᠳᠥᠷᠪᠡ︶ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ᠃ ︽ᠬᠡᠷᠡᠭᠵᠢᠭᠦᠯᠬᠦ | ᠠᠷᠭ᠎ᠠ︾ ᠳᠤ ᠣᠷᠣᠨ ᠰᠠᠭᠤᠴᠠ ᠶᠢᠨ ᠬᠤᠷᠢᠶᠠᠯᠠᠯ ᠳᠤ ᠬᠡᠦᠬᠡᠳ ᠤᠨ ᠴᠡᠴᠡᠷᠯᠢᠭ ᠢ ᠢᠵᠢ ᠪᠦᠷᠢᠳᠦᠭᠦᠯᠬᠦ ᠳᠤ | ᠪᠦᠲᠦᠭᠡᠨ ᠪᠠᠶᠢᠭᠤᠯᠬᠤ ᠪᠠᠷᠢᠮᠵᠢᠶ᠎ᠠ᠂ ᠬᠡᠪᠴᠢᠶ᠎ᠡ᠂ ᠥᠮᠴᠢᠯᠡᠬᠦ ᠡᠷᠬᠡ ᠵᠡᠷᠭᠡ ᠠᠭᠤᠯᠭ᠎ᠠ ᠶᠢ ᠤᠷᠢᠳᠠᠪᠡᠷ ᠪᠣᠯᠵᠤᠨ | ᠲᠤᠭᠲᠠᠬᠤ ᠶᠢ ᠲᠣᠳᠣᠷᠬᠠᠶᠢᠯᠠᠭᠰᠠᠨ ᠤ ᠬᠠᠮᠲᠤ ᠪᠦᠲᠦᠭᠡᠨ ᠪᠠᠶᠢᠭᠤᠯᠬᠤ ᠵᠢᠴᠢ ᠰᠢᠯᠵᠢᠭᠦᠯᠦᠨ ᠲᠤᠰᠢᠶᠠᠬᠤ | ᠶᠠᠪᠤᠴᠠ ᠳᠠᠬᠢ ᠡᠯ᠎ᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠨᠡᠭᠡᠭᠡᠨ ᠬᠥᠭᠵᠢᠭᠦᠯᠵᠦ | ᠪᠦᠲᠦᠭᠡᠨ ᠪᠠᠶᠢᠭᠤᠯᠬᠤ ᠨᠢᠭᠡᠴᠡ ᠶᠢᠨ ᠭᠦᠢᠴᠡᠳᠬᠡᠪᠡᠰᠦ ᠵᠣᠬᠢᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠢ | ᠲᠣᠭᠲᠠᠭᠠᠵᠠᠢ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ | ᠂ ᠲᠠᠶᠢᠯᠪᠤᠷᠢᠯᠠᠭᠴᠢ᠄ ᠶᠠᠩ ᠯᠧᠢ᠂ ᠬᠠᠷᠢᠯᠴᠠᠬᠤ ᠤᠲᠠᠰᠤ᠄ 4606417 | | | ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ | |