ᠬᠥᠬᠡᠬᠤᠲᠠ ᠶᠢᠨ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ︾ ᠶᠢ ᠤᠷᠠᠨ ᠢᠶᠠᠷ ᠬᠡᠷᠡᠭᠯᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠤᠷᠲᠠᠯ ᠢ ᠰᠠᠶᠢᠵᠢᠷᠠᠭᠤᠯᠵᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠶᠢ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2023/5/4
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠢᠭᠡᠳᠦᠯᠲᠡᠢ ᠪᠠᠶᠢᠷᠢᠯᠠᠭᠤᠯᠤᠯᠲᠠ ᠪᠠ ᠬᠥᠬᠡᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠱᠠᠭᠠᠷᠳᠠᠯᠭ᠎ᠠ ᠶᠣᠰᠣᠭᠠᠷ᠂ ᠴᠢᠩ ᠱᠦᠢ ᠾᠧ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ︽ᠰᠤᠷᠲᠠᠯ ᠢ ᠰᠠᠶᠢᠵᠢᠷᠠᠭᠤᠯᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠲᠤᠰᠬᠠᠢ ᠠᠵᠢᠯᠯᠠᠭ᠎ᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠨᠡᠮᠡᠬᠦ ᠬᠠᠰᠤᠬᠤ ᠦᠷᠡᠵᠢᠭᠦᠯᠬᠦ ᠬᠤᠪᠢᠶᠠᠬᠤ ᠠᠷᠭ᠎ᠠ ᠶᠢ ᠤᠷᠠᠨ ᠢᠶᠠᠷ ᠬᠡᠷᠡᠭᠯᠡᠨ᠂ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠥᠬᠦ ᠰᠢᠶᠠᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃      ᠨᠢᠭᠡ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ︽ᠨᠡᠮᠡᠬᠦ ᠠᠷᠭ᠎ᠠ︾ ᠶᠢ ᠤᠷᠠᠨ ᠢᠶᠠᠷ ᠬᠡᠷᠡᠭᠯᠡᠪᠡ᠃ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠵᠦ᠂ ᠠᠷᠠᠳ ᠲᠤ ᠲᠥᠬᠦᠮ ᠦᠵᠡᠭᠦᠯᠵᠦ ᠠᠷᠠᠳ ᠲᠤ ᠦᠢᠯᠡᠴᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ᠃︽ᠣᠷᠣᠭᠤᠯᠬᠤ ᠶᠣᠰᠣᠲᠠᠢ ᠶᠢ ᠨᠢ ᠵᠠᠪᠠᠯ ᠣᠷᠣᠭᠤᠯᠬᠤ︾ ᠶᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ︽ᠡᠮᠦᠨ᠎ᠡ ᠲᠠᠪᠴᠠᠩ ᠳᠤ ᠶᠡᠷᠦᠩᠬᠡᠶᠢᠯᠡᠨ ᠭᠥᠯᠢᠶᠡᠨ ᠠᠪᠴᠤ ᠰᠢᠢᠳᠪᠦᠷᠢᠯᠡᠬᠦ᠂ ᠠᠷᠤ ᠲᠠᠪᠴᠠᠩ ᠳᠤ ᠲᠥᠷᠥᠯ ᠬᠤᠪᠢᠶᠠᠨ ᠬᠢᠨᠠᠨ ᠵᠥᠪᠰᠢᠶᠡᠷᠡᠬᠦ᠂ ᠶᠡᠷᠦᠩᠬᠡᠶᠢᠯᠡᠭᠰᠡᠨ ᠴᠣᠩᠬᠤ ᠪᠠᠷ ᠮᠠᠲ᠋ᠧᠷᠢᠶᠠᠯ ᠭᠠᠷᠭᠠᠬᠤ︾ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠦᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ︽ᠬᠥᠮᠥᠨ ᠨᠢ ᠣᠷᠣᠵᠤ ᠠᠵᠢᠯ ᠨᠢ ᠣᠷᠣᠬᠤ ᠦᠭᠡᠢ︾ ︽ᠠᠵᠢᠯ ᠨᠢ ᠣᠷᠣᠵᠤ ᠡᠷᠬᠡ ᠨᠢ ᠣᠷᠣᠬᠤ ᠦᠭᠡᠢ︾ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ 21 ᠰᠠᠯᠠᠭ᠎ᠠ ᠮᠥᠴᠢᠷ ᠤᠨ 764 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠪᠦᠬᠦᠨ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠤ ᠣᠷᠣᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ︽ᠨᠢᠭᠡ ᠯᠡ ᠡᠭᠦᠳᠡ ᠪᠠᠷ ᠣᠷᠣᠬᠤ︾ ᠶᠢ ᠦᠨᠡᠨ ᠬᠦ ᠪᠠᠲᠤᠯᠠᠪᠠ᠃ᠪᠣᠶ ᠪᠦᠬᠦᠢ ᠰᠢᠶᠠᠩ ᠪᠠᠯᠭᠠᠰᠤ᠂ ᠲᠣᠰᠬᠤᠨ ︵ᠨᠡᠶᠢᠭᠡᠮ ᠲᠣᠭᠤᠷᠢᠭ︶ ᠳᠤ ᠨᠢᠭᠡ ᠴᠣᠭᠴᠠᠵᠢᠭᠤᠯᠤᠭᠰᠠᠨ ᠲᠠᠪᠴᠠᠩ ᠢ ᠬᠡᠷᠡᠭᠯᠡᠨ ᠲᠤᠬᠠᠶᠢᠯᠠᠭᠰᠠᠨ ᠠᠵᠢᠯ ᠢᠶᠠᠨ ᠥᠷᠨᠢᠭᠦᠯᠵᠦ᠂ ᠴᠥᠮ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠢᠭᠤᠳ ᠭᠦᠢᠴᠡᠳᠬᠡᠬᠦ ᠪᠤᠶᠤ ᠣᠷᠣᠯᠠᠨ ᠭᠦᠢᠴᠡᠳᠬᠡᠬᠦ ᠶᠢ ᠬᠡᠷᠡᠭᠵᠢᠭᠦᠯᠵᠦ ᠪᠣᠯᠣᠨ᠎ᠠ᠃      ᠬᠤᠶᠠᠷ ᠲᠤ ︽ᠵᠠᠰᠠᠭ ᠤᠨ ᠣᠷᠳᠣᠨ ᠠᠵᠤ ᠠᠬᠤᠶᠢᠯᠠᠯ ᠢ ᠲᠣᠭᠤᠷᠢᠵᠤ᠂ ᠠᠵᠤ ᠠᠬᠤᠶᠢᠯᠠᠯ ᠤᠴᠢᠷ ᠲᠠᠢ ᠪᠣᠯ ᠳᠠᠷᠤᠶᠢᠬᠠᠨ ᠰᠢᠢᠳᠪᠦᠷᠢᠯᠡᠬᠦ︾ ᠶᠢ ᠪᠠᠷᠢᠮᠲᠠᠯᠠᠵᠤ᠂ ︽ᠬᠠᠰᠤᠬᠤ ᠠᠷᠭ᠎ᠠ︾ ᠶᠢ ᠤᠷᠠᠨ ᠢᠶᠠᠷ ᠬᠡᠷᠡᠭᠯᠡᠪᠡ᠃ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠤᠯᠠᠮ ᠨᠢᠭᠡ ᠠᠯᠬᠤᠮ ᠪᠠᠭᠠᠰᠬᠠᠵᠤ᠂ ᠬᠢᠨᠠᠨ ᠵᠥᠪᠰᠢᠶᠡᠷᠡᠬᠦ ᠵᠠᠩᠭᠢᠯᠠᠭ᠎ᠠ ᠶᠢ ᠪᠠᠭᠠᠰᠬᠠᠵᠤ᠂ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠪᠠ᠃ᠠᠵᠤ ᠠᠬᠤᠶᠢᠯᠠᠯ ᠢ ᠨᠡᠭᠡᠭᠡᠨ ᠡᠷᠭᠢᠯᠡᠬᠦ ᠳᠤ ᠨᠢᠭᠡ ᠤᠳᠠᠭ᠎ᠠ ᠳᠤ ᠲᠡᠮᠳᠡᠭᠯᠡᠬᠦ᠂ ᠨᠢᠭᠡ ᠬᠦᠰᠦᠨᠦᠭᠲᠦ ᠪᠠᠷ ᠲᠠᠭᠯᠠᠨ ᠮᠡᠳᠡᠭᠦᠯᠬᠦ᠂ ᠪᠥᠬᠦ ᠶᠠᠪᠤᠴᠠ ᠶᠢ ᠰᠦᠯᠵᠢᠶ᠎ᠡ ᠪᠠᠷ ᠡᠷᠭᠢᠯᠡᠬᠦ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠳᠡᠩᠰᠡᠯᠡᠨ ᠭᠦᠢᠴᠡᠳᠬᠡᠬᠦ ᠴᠠᠭ ᠢ 0.5 ᠠᠵᠢᠯᠯᠠᠬᠤ ᠡᠳᠦᠷ ᠤᠨ ᠳᠣᠲᠣᠷ᠎ᠠ ᠪᠣᠭᠤᠨᠢᠰᠬᠠᠪᠠ᠃ᠡᠭᠦᠨ ᠤ ᠬᠠᠮᠲᠤ᠂ ᠠᠵᠤ ᠠᠬᠤᠶᠢᠯᠠᠯ ᠤᠨ ᠳᠠᠩᠰᠠᠯᠠᠯᠲᠠ ᠶᠢ ︽ᠪᠥᠬᠦ ᠬᠤᠲᠠ ᠪᠠᠷ ᠢᠶᠠᠨ ᠨᠡᠶᠢᠳᠡᠮ ᠡᠷᠭᠢᠯᠡᠬᠦ︾ ᠶᠢ ᠶᠡᠬᠡᠪᠡᠷ ᠬᠡᠷᠡᠭᠵᠢᠭᠦᠯᠵᠦ᠂ ᠭᠠᠵᠠᠷ ᠣᠷᠣᠨ ᠠᠯᠤᠰᠯᠠᠨ ᠳᠡᠩᠰᠡᠯᠡᠨ ᠲᠡᠮᠳᠡᠭᠯᠡᠭᠦᠯᠬᠦ ᠭᠠᠷ ᠭᠦᠢᠴᠡᠳᠬᠡᠯ ᠬᠢᠵᠦ᠂ ᠦᠢᠯᠡᠴᠢᠯᠡᠭᠡᠨ ᠤ ᠠᠵᠤ ᠠᠬᠤᠶᠢᠯᠠᠯ ᠤᠨ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃      ᠭᠤᠷᠪᠠ ᠳᠤ᠂ ᠠᠯᠤᠰ ᠤᠨ ᠬᠠᠷᠠᠭᠠᠨ ᠳᠠᠪᠲᠠᠮᠵᠢ ᠶᠢᠨ ︽ᠡᠭᠦᠯᠡᠨ ᠶᠠᠷᠢᠯᠴᠠᠭ᠎ᠠ︾ ᠶᠢ ᠨᠡᠶᠢᠲᠡᠯᠡᠵᠦ᠂ ᠢᠨᠲ᠋ᠧᠷ ᠰᠦᠯᠵᠢᠶᠡᠨ ᠤ ᠬᠠᠷᠠᠭᠠᠨ ᠳᠠᠪᠲᠠᠮᠵᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠤᠳᠠᠯᠳᠤᠭᠠᠴᠢᠨ ᠤᠷᠢᠬᠤ᠂ ᠰᠦᠯᠵᠢᠶᠡᠨ ᠳᠡᠭᠡᠷ᠎ᠡ ᠵᠥᠪᠳᠡᠯᠴᠡᠬᠦ ᠵᠡᠷᠭᠡ ᠶᠢ ᠥᠷᠨᠢᠭᠦᠯᠵᠦ᠂ ︽ᠦᠷᠡᠵᠢᠭᠦᠯᠬᠦ︾ ᠠᠷᠭ᠎ᠠ ᠶᠢ ᠤᠷᠠᠨ ᠢᠶᠠᠷ ᠬᠡᠷᠡᠭᠯᠡᠪᠡ᠃ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠠᠬᠢ ᠴᠠᠭ ᠬᠤᠭᠤᠴᠠᠭ᠎ᠠ᠂ ᠣᠷᠣᠨ ᠵᠠᠢ ᠶᠢᠨ ᠬᠢᠵᠠᠭᠠᠷᠯᠠᠯ ᠢ ᠪᠦᠲᠦᠮᠵᠢᠲᠡᠢ ᠪᠠᠷ ᠡᠪᠳᠡᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠠᠭᠪᠤᠷ ᠢ ᠤᠯᠠᠮ ᠨᠢᠭᠡ ᠠᠯᠬᠤᠮ ᠪᠠᠶᠠᠯᠢᠭᠵᠢᠭᠤᠯᠪᠠ᠃︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠰᠠᠭᠤᠷᠢ  ᠶᠢ ᠪᠠᠬᠢᠵᠢᠭᠦᠯᠵᠦ᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠪᠠ ︽ᠮᠤᠵᠢ ᠶᠢᠨ ᠳᠣᠲᠣᠭᠠᠳᠤ ᠳᠤ ᠨᠡᠶᠢᠳᠡᠮ ᠰᠢᠢᠳᠪᠦᠷᠢᠯᠡᠬᠦ︾ ᠶᠠᠪᠤᠳᠠᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ︽ᠡᠭᠦᠯᠡᠨ ᠳᠡᠭᠡᠷᠡᠬᠢ ᠠᠯᠪᠠᠨ ᠭᠡᠷ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠤᠯᠪᠣᠭ᠎ᠠ ᠳᠤ ᠣᠷᠣᠵᠤ᠂ ᠰᠦᠯᠵᠢᠶᠡᠨ ᠳᠡᠭᠡᠷᠡᠬᠢ ᠶᠡᠭᠡ ᠲᠢᠩᠬᠢᠮ ᠳᠤ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ 83 ᠵᠦᠢᠯ ᠤᠨ ᠵᠦᠢᠯᠡᠰ ᠢ ᠲᠣᠬᠢᠷᠠᠭᠤᠯᠵᠤ᠂ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤ ᠭᠠᠷᠭᠠᠵᠤ᠂ ᠤᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠡᠯᠧᠺᠲᠷᠣᠨᠴᠢᠯᠠᠭᠰᠠᠨ ᠲᠠᠪᠴᠠᠩ ᠤᠨ ᠡᠭᠦᠯᠡᠨ ᠪᠦᠲᠦᠭᠡᠨ ᠪᠠᠶᠢᠭᠤᠯᠤᠯᠲᠠ ᠶᠢ ᠦᠨᠡᠨ ᠬᠦ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠪᠠ ᠨᠡᠶᠢᠭᠡᠮ ᠨᠡᠶᠢᠲᠡ ᠳᠤ ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ ᠦᠢᠯᠡᠴᠢᠯᠡᠭᠡ ᠬᠠᠩᠭᠠᠪᠠ᠃       ᠳᠥᠷᠪᠡ ᠳᠤ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠨᠢᠭᠡᠳᠦᠭᠡᠷ ᠹᠷᠣᠨᠲ ᠲᠤ ᠭᠦᠨᠵᠡᠭᠡᠶᠢᠷᠡᠬᠦ ᠶᠢ ᠪᠠᠷᠢᠮᠲᠠᠯᠠᠵᠤ᠂ ︽ᠬᠤᠪᠢᠶᠠᠬᠤ ᠠᠷᠭ᠎ᠠ︾ ᠶᠢ ᠤᠷᠠᠨ ᠢᠶᠠᠷ ᠬᠡᠷᠡᠭᠯᠡᠪᠡ᠃ᠠᠵᠤ ᠠᠬᠤᠶᠢᠯᠠᠯ ᠤᠨ ᠬᠥᠭᠵᠢᠯᠲᠡ ᠶᠢᠨ ᠬᠦᠴᠢᠷᠳᠡᠯ ᠢ ᠠᠷᠢᠯᠭᠠᠬᠤ ᠵᠢᠴᠢ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠪᠡ᠃ᠪᠦᠬᠦ ᠰᠢᠶᠠᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠡᠭᠡ ᠬᠤᠷᠠᠯ᠂ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠵᠡᠷᠭᠡ ᠲᠤᠰᠬᠠᠢ ᠰᠡᠳᠦᠪᠲᠦ ᠬᠤᠷᠠᠯ ᠬᠤᠷᠠᠯᠳᠤᠭᠤᠯᠬᠤ ᠪᠠᠷ ᠳᠡᠮᠵᠢᠨ᠂ ᠠᠵᠤ ᠠᠬᠤᠶᠢᠯᠠᠯ᠂ ᠲᠦᠷᠦᠯ ᠵᠦᠢᠯ ᠤᠨ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ︽ᠴᠢᠩ ᠱᠦᠢ ᠾᠧ ᠰᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠰᠦᠨ ᠵᠦᠢᠯ ᠤᠨ ᠠᠷᠭ᠎ᠠ ᠬᠡᠮᠵᠢᠶ᠎ᠡ︾᠂︽ᠴᠢᠩ ᠱᠦᠢ ᠾᠧ ᠰᠢᠶᠠᠨ〈ᠲᠠ ᠰᠠᠨᠠᠭ᠎ᠠ ᠠᠮᠤᠷ ᠪᠠᠶᠢᠭᠠᠷᠠᠢ〉ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠥᠰᠥᠯ︾ᠵᠡᠷᠭᠡ ᠲᠥᠰᠥᠯ ᠢ ᠲᠣᠭᠲᠠᠭᠠᠵᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠴᠢᠨᠠᠭᠰᠢᠳᠠ ᠡᠷᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠳᠤ ᠴᠢᠩᠭ᠎ᠠ ᠬᠦᠴᠦᠲᠡᠢ ᠬᠢᠵᠠᠭᠠᠷᠯᠠᠯ ᠪᠠ ᠣᠶᠤᠨᠴᠢ ᠵᠢᠯᠣᠭᠤᠳᠤᠯᠭ᠎ᠠ ᠬᠠᠩᠭᠠᠪᠠ᠃      ᠡᠭᠦᠨ ᠠᠴᠠ ᠭᠠᠳᠠᠨ᠎ᠠ᠂ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠠᠴᠠ ︽ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠪᠠᠭᠠᠰᠬᠠᠬᠤ︾ ︽ᠲᠤᠭ᠎ᠠ ᠬᠡᠮᠵᠢᠶ᠎ᠡ ᠶᠢ ᠬᠢᠵᠠᠭᠠᠷᠯᠠᠨ ᠳᠠᠷᠤᠭᠠᠰᠤ ᠶᠢ ᠬᠥᠩᠭᠡᠷᠡᠭᠦᠯᠬᠦ︾ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠪᠢᠴᠢᠭ ᠤᠨ ᠠᠭᠤᠯᠠ ᠬᠤᠷᠠᠯ ᠤᠨ ᠲᠡᠯᠡᠶ︾ ᠶᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ︽ᠵᠣᠬᠢᠶᠠᠯ ᠤᠨ ᠰᠤᠷᠲᠠᠯ ᠬᠤᠷᠠᠯ ᠤᠨ ᠰᠤᠷᠲᠠᠯ︾ ᠢ ᠪᠥᠬᠦ ᠬᠦᠴᠦᠨ ᠢᠶᠠᠷ ᠢᠶᠠᠨ ᠰᠠᠶᠢᠵᠢᠷᠠᠭᠤᠯᠪᠠ᠃      ᠨᠢᠭᠡ ᠳᠤ᠂ ︽ᠣᠬᠤᠷ᠂ ᠪᠣᠳᠠᠲᠠᠢ᠂ ᠰᠢᠨ᠎ᠡ︾ ᠵᠣᠬᠢᠶᠠᠯ ᠤᠨ ᠰᠤᠷᠲᠠᠯ ᠢ ᠪᠠᠷᠢᠮᠲᠠᠯᠠᠨ᠂ ︽ᠬᠠᠮᠵᠢᠯᠴᠠᠨ ᠠᠵᠢᠯᠯᠠᠬᠤ︾ ᠵᠥᠭᠡᠯᠡᠨ ᠲᠣᠨᠤᠭ ᠢ ᠪᠥᠬᠦ ᠲᠠᠯ᠎ᠠ ᠪᠠᠷ ᠬᠡᠷᠡᠭᠯᠡᠵᠦ᠂ ᠪᠢᠴᠢᠭ ᠮᠠᠲ᠋ᠧᠷᠢᠶᠠᠯ ᠢ ᠲᠦᠷᠭᠡᠨ ᠪᠥᠭᠡᠳ ᠥᠨᠳᠥᠷ ᠪᠦᠲᠦᠮᠵᠢᠲᠡᠢ ᠪᠠᠷ ᠰᠢᠯᠵᠢᠭᠦᠯᠦᠨ᠂ ᠪᠢᠴᠢᠭ ᠮᠠᠲ᠋ᠧᠷᠢᠶᠠᠯ ᠤᠨ ᠬᠠᠭᠤᠳᠠᠰᠤ ᠪᠠ ᠪᠢᠴᠢᠭ ᠮᠠᠲ᠋ᠧᠷᠢᠶᠠᠯ ᠶᠠᠪᠤᠭᠤᠯᠬᠤ ᠲᠤᠭ᠎ᠠ ᠬᠡᠮᠵᠢᠶ᠎ᠡ ᠶᠢ ᠴᠢᠩᠭ᠎ᠠ ᠬᠢᠵᠠᠭᠠᠷᠯᠠᠵᠤ᠂ ᠪᠢᠴᠢᠭ ᠮᠠᠲ᠋ᠧᠷᠢᠶᠠᠯ ᠶᠠᠪᠤᠭᠤᠯᠬᠤ ᠵᠠᠭᠪᠤᠷ ᠪᠠ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠵᠢᠷᠤᠮᠵᠢᠭᠤᠯᠤᠨ᠂ ᠪᠢᠴᠢᠭ ᠮᠠᠲ᠋ᠧᠷᠢᠶᠠᠯ ᠴᠥᠭᠡᠨ ᠲᠠᠷᠬᠠᠭᠠᠬᠤ᠂ ᠣᠬᠤᠷ ᠪᠢᠴᠢᠭ ᠮᠠᠲ᠋ᠧᠷᠢᠶᠠᠯ ᠲᠠᠷᠬᠠᠭᠠᠬᠤ᠂ ᠬᠡᠷᠡᠭᠴᠡᠭᠡ ᠲᠠᠢ ᠪᠢᠴᠢᠭ ᠮᠠᠲ᠋ᠧᠷᠢᠶᠠᠯ ᠲᠠᠷᠬᠠᠭᠠᠬᠤ ᠶᠢ ᠴᠢᠷᠮᠠᠶᠢᠨ ᠪᠡᠶᠡᠯᠡᠭᠦᠯᠪᠡ᠃      ᠬᠤᠶᠠᠷ ᠲᠤ᠂ ︽ᠲᠧᠩ ᠰᠢᠶᠦ᠋ᠨ ᠬᠤᠷᠠᠯ︾᠂ ︽ᠠᠵᠤ ᠠᠬᠤᠶᠢᠯᠠᠯ ᠤᠨ ᠸᠢᠴᠠᠲ︾ ᠵᠡᠷᠭᠡ ᠰᠦᠯᠵᠢᠶᠡᠨ ᠳᠡᠭᠡᠷᠡᠬᠢ ᠬᠤᠷᠠᠯ ᠤᠨ ᠵᠥᠭᠡᠯᠡᠨ ᠲᠣᠨᠤᠭ ᠢ ᠭᠦᠢᠴᠡᠳ ᠠᠰᠢᠭᠯᠠᠨ᠂ ᠰᠦᠯᠵᠢᠶᠡᠨ ᠭᠠᠳᠠᠨᠠᠬᠢ ᠬᠤᠷᠠᠯ ᠲᠠᠢ ᠪᠦᠲᠦᠮᠵᠢᠲᠡᠢ ᠤᠶᠠᠯᠳᠤᠭᠤᠯᠵᠤ᠂ ᠬᠤᠷᠠᠯ ᠤᠨ ᠲᠤᠭ᠎ᠠ ᠬᠡᠮᠵᠢᠶ᠎ᠡ ᠶᠢ ᠪᠥᠬᠦ ᠲᠠᠯ᠎ᠠ ᠪᠠᠷ ᠪᠠᠭᠠᠰᠬᠠᠪᠠ︔ᠬᠢᠬᠦ ᠦᠭᠡᠢ ᠪᠠᠶᠢᠵᠤ ᠪᠣᠯᠬᠤ ᠬᠤᠷᠠᠯ ᠢ ᠶᠠᠭᠠᠬᠢᠭᠰᠠᠨ ᠴᠤ ᠬᠢᠬᠦ ᠦᠭᠡᠢ᠂ ᠨᠡᠶᠢᠯᠡᠭᠦᠯᠵᠦ ᠪᠣᠯᠬᠤ ᠬᠤᠷᠠᠯ ᠢ ᠨᠡᠶᠢᠯᠡᠭᠦᠯᠦᠨ ᠬᠤᠷᠠᠯᠳᠤᠭᠤᠯᠵᠤ᠂ ᠴᠢᠬᠤᠯᠠ ᠦᠭᠡᠢ ᠬᠤᠷᠠᠯ ᠢ ᠦᠨᠡᠨ ᠬᠦ ᠴᠥᠭᠡᠳᠬᠡᠵᠦ᠂ ᠬᠤᠷᠠᠯ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠦᠨ᠂ ᠨᠠᠶᠢᠳᠠᠪᠤᠷᠢᠵᠢᠭᠤᠯᠬᠤ ᠠᠵᠢᠯ ᠳᠤ ᠨᠡᠩ ᠠᠷᠪᠢᠨ ᠴᠠᠭ ᠬᠡᠷᠡᠭᠯᠡᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠥᠩᠭᠡᠯᠡᠪᠡ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1