︵ᠰᠤᠷᠪᠤᠯᠵᠢᠯᠠᠭᠴᠢ ᠴᠡᠪᠡᠷᠬᠠᠰ︶ ᠲᠦᠷᠦᠭᠦᠬᠡᠨ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ ᠠᠴᠠ ᠣᠶᠢᠯᠠᠭᠠᠭᠰᠠᠨ ᠨᠢ᠂ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ | ᠲᠠᠸᠠᠷ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 280.3 ᠳ᠋ᠦᠩᠰᠢᠭᠤᠷ ᠲᠥᠭᠦᠷᠢᠭ ᠬᠦᠷᠴᠦ᠂ ᠠᠳᠠᠯᠢ | ᠬᠤᠭᠤᠴᠠᠭᠠᠨ ᠤ ᠬᠢ ᠠᠴᠠ 13.4% ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠳᠤ ᠣᠷᠣᠪᠠ᠃ | | ᠣᠶᠢᠯᠠᠭᠠᠭᠰᠠᠨ ᠢᠶᠠᠷ᠂ ᠬᠡᠷᠡᠭᠯᠡᠭᠡ ᠶᠢ ᠳᠡᠮᠵᠢᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠳᠠᠭᠠᠭᠤᠯᠭ᠎ᠠ | ᠳᠣᠣᠷ᠎ᠠ᠂ ᠣᠷᠣᠨ ᠤ ᠲᠥᠪ ᠤᠨ ᠵᠠᠬ᠎ᠠ ᠳᠡᠯᠭᠡᠭᠦᠷ ᠤᠨ ᠢᠲᠡᠭᠡᠯ ᠨᠡᠶᠢᠳᠡᠮ ᠳᠡᠭᠡᠨ ᠴᠢᠩᠭᠠᠷᠠᠵᠤ᠂ ᠡᠵᠡᠩᠨᠡᠯᠲᠡ ᠶᠢᠨ | ᠨᠢᠭᠡᠴᠡ ᠶᠢᠨ ᠪᠠᠶᠢᠭ᠎ᠠ ᠭᠠᠵᠠᠷ ᠢᠶᠠᠷ ᠬᠤᠪᠢᠶᠠᠪᠠᠯ᠂ ᠬᠤᠲᠠ ᠪᠠᠯᠭᠠᠰᠤᠨ ᠤ ᠬᠡᠷᠡᠭᠯᠡᠭᠡᠨ ᠤ ᠲᠠᠸᠠᠷ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 12.4% ᠨᠡᠮᠡᠭᠳᠡᠵᠦ᠂ ᠬᠥᠳᠡᠭᠡ ᠲᠣᠰᠬᠤᠨ ᠤ | ᠬᠡᠷᠡᠭᠯᠡᠭᠡᠨ ᠤ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 21.7% | ᠨᠡᠮᠡᠭᠳᠡᠵᠡᠢ᠃ ᠬᠡᠷᠡᠭᠯᠡᠭᠡᠨ ᠤ ᠲᠥᠷᠥᠯ ᠵᠦᠢᠯ ᠢᠶᠠᠷ ᠬᠤᠪᠢᠶᠠᠪᠠᠯ᠂ ᠢᠳᠡᠭᠡᠨ ᠤᠮᠳᠠᠭᠠᠨ ᠤ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 30.1% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ | ᠬᠤᠭᠤᠴᠠᠭᠠᠨ ᠤ ᠬᠢ ᠠᠴᠠ 11.8% ᠪᠠᠷ ᠨᠡᠮᠡᠭᠳᠡᠵᠡᠢ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ | ᠬᠥᠭᠵᠢᠬᠦ ᠶᠢ ᠳᠠᠭᠠᠯᠳᠤᠨ᠂ ᠪᠥᠬᠦ ᠬᠤᠲᠠ ᠶᠢᠨ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠲᠥᠷᠥᠯ ᠤᠨ | ᠬᠡᠷᠡᠭᠯᠡᠭᠡᠨ ᠤ ᠨᠡᠮᠡᠭᠳᠡᠯ ᠤᠨ ᠬᠠᠨᠳᠤᠰᠢ ᠮᠠᠰᠢ ᠰᠠᠶᠢᠨ ᠪᠠᠶᠢᠨ᠎ᠠ᠃ ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠣᠰᠣ ᠢᠳᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 38.3% ᠨᠡᠮᠡᠭᠳᠡᠵᠦ᠂ ᠡᠳᠦᠷ ᠲᠤᠲᠤᠮ ᠤᠨ | ᠬᠡᠷᠡᠭᠯᠡᠭᠡᠨ ᠤ ᠵᠦᠢᠯ ᠤᠨ ᠬᠢ ᠠᠳᠠᠯᠢ ᠬᠤᠭᠤᠴᠠᠭᠠᠨ ᠤ ᠬᠢ ᠠᠴᠠ 19.4% ᠨᠡᠮᠡᠭᠳᠡᠵᠦ᠂ ᠬᠤᠪᠴᠠᠰᠤ ᠬᠤᠨᠠᠷ | ᠱᠠᠬᠠᠢ ᠮᠠᠯᠠᠭᠠᠢ ᠵᠡᠭᠦᠦ ᠨᠡᠬᠡᠮᠡᠯ ᠤᠨ ᠵᠦᠢᠯ ᠤᠨ ᠬᠢ ᠠᠳᠠᠯᠢ ᠬᠤᠭᠤᠴᠠᠭᠠᠨ ᠤ ᠬᠢ ᠠᠴᠠ 2.7% ᠨᠡᠮᠡᠭᠳᠡᠵᠡᠢ᠃ | ᠲᠠᠰ ᠳᠡᠪᠰᠢᠬᠦ ᠲᠥᠷᠥᠯ ᠤᠨ ᠬᠡᠷᠡᠭᠯᠡᠭᠡ ᠨᠡᠯᠢᠶᠡᠳ ᠲᠦᠷᠭᠡᠨ ᠨᠡᠮᠡᠭᠳᠡᠵᠦ᠂ ᠨᠢᠭᠡᠳᠦᠭᠡᠷ ᠤᠯᠠᠷᠢᠯ ᠳᠤ᠂ ᠪᠥᠬᠦ | ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠡᠯᠧᠺᠲᠷᠣᠨ ᠬᠡᠪᠯᠡᠭᠳᠡᠬᠦᠨ ᠵᠢᠴᠢ ᠲᠠᠭᠤ ᠳᠦᠷᠰᠦ | ᠰᠢᠩᠭᠡᠭᠡᠯᠲᠡ ᠶᠢᠨ ᠪᠦᠲᠦᠭᠡᠭᠳᠡᠬᠦᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 289.0% ᠨᠡᠮᠡᠭᠳᠡᠵᠦ᠂ | ᠮᠠᠰᠢᠨ ᠲᠡᠷᠭᠡᠨ ᠤ ᠲᠥᠷᠥᠯ ᠠᠳᠠᠯᠢ ᠬᠤᠭᠤᠴᠠᠭᠠᠨ ᠤ ᠬᠢ ᠠᠴᠠ 31.7% ᠨᠡᠮᠡᠭᠳᠡᠵᠡᠢ᠃ | ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ |