ᠴᠢᠩ ᠱᠦᠢ ᠾᠧ ᠰᠢᠶᠠᠨ ᠪᠣᠯ ᠥᠪᠥᠷ ᠮᠣᠩᠭᠤᠯ ᠤᠨ ᠥᠨᠳᠦᠷᠯᠢᠭ ᠪᠠ ᠰᠢᠷ᠎ᠠ ᠬᠥᠷᠥᠰᠥᠲᠦ | ᠥᠨᠳᠦᠷᠯᠢᠭ ᠤᠨ ᠠᠭᠤᠯᠵᠠᠷ ᠣᠷᠣᠨ ᠳᠤ ᠣᠷᠣᠰᠢᠵᠤ᠂ ᠬᠤᠶᠠᠷ ᠮᠤᠵᠢ ᠭᠤᠷᠪᠠᠨ ᠬᠤᠲᠠ ᠭᠤᠷᠪᠠᠨ ᠰᠢᠶᠠᠨ ᠤ | ᠠᠭᠤᠯᠵᠠᠷ ᠭᠠᠵᠠᠷ ᠪᠠᠶᠢᠵᠤ᠂ ᠲᠡᠦᠬᠡ ᠰᠣᠶᠣᠯ ᠤᠨ ᠡᠯᠪᠡᠭ ᠪᠠᠶᠠᠯᠢᠭ ᠡᠬᠢ ᠪᠠᠶᠠᠯᠢᠭ ᠬᠠᠳᠠᠭᠠᠯᠠᠭᠳᠠᠵᠤ ᠪᠠᠶᠢᠳᠠᠭ᠃ | ᠬᠠᠲᠤᠨ ᠭᠤᠣᠯ ᠰᠢᠶᠠᠨ ᠤ ᠬᠢᠵᠠᠭᠠᠷ ᠢᠶᠠᠷ 65 ᠺᠢᠯᠣᠮᠧᠲᠷ ᠤᠷᠤᠰᠤᠨ ᠥᠩᠭᠡᠷᠡᠵᠦ᠂ ᠰᠢᠶᠠᠨ ᠤ ᠬᠢᠯᠢ ᠳᠣᠲᠣᠷᠠᠬᠢ | ᠣᠷᠳᠣ ᠴᠠᠭᠠᠨ ᠬᠡᠷᠡᠮ ᠪᠣᠯ ᠥᠪᠥᠷ ᠮᠣᠩᠭᠤᠯ ᠤᠨ ᠮᠢᠩ ᠤᠯᠤᠰ ᠤᠨ ᠣᠷᠳᠣ ᠴᠠᠭᠠᠨ ᠬᠡᠷᠡᠮ ᠤᠨ ᠬᠠᠳᠠᠭᠠᠯᠠᠵᠤ | ᠪᠠᠶᠢᠭ᠎ᠠ ᠬᠠᠮᠤᠭ ᠤᠨ ᠪᠦᠷᠢᠨ ᠪᠦᠲᠦᠨ᠂ ᠬᠠᠮᠤᠭ ᠤᠨ ᠲᠡᠦᠬᠡ ᠶᠢᠨ ᠦᠨ᠎ᠡ ᠥᠷᠲᠡᠭ ᠲᠠᠢ ᠨᠢᠭᠡ ᠬᠡᠰᠡᠭ ᠪᠣᠯᠣᠨ᠎ᠠ᠂ | ᠡᠨᠡ ᠬᠤᠶᠠᠷ ᠨᠢ ᠴᠢᠩ ᠱᠦᠢ ᠾᠧ ᠰᠢᠶᠠᠨ ᠳᠤ ︽ᠠᠭᠤᠯᠵᠠᠭᠰᠠᠨ︾ ᠪᠣᠯᠬᠤᠷ ᠴᠢᠩ ᠱᠦᠢ ᠾᠧ ᠰᠢᠶᠠᠨ ᠤ | ᠣᠷᠳᠣ ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠤᠨ ᠪᠦᠲᠦᠭᠡᠨ | ᠪᠠᠶᠢᠭᠤᠯᠤᠯᠲᠠ ᠶᠢᠨ ᠥᠪᠡᠷᠮᠢᠴᠡ ᠳᠠᠪᠠᠭᠤᠯᠢᠭ ᠪᠣᠯᠬᠤ ᠪᠠᠷ ᠪᠠᠷᠠᠬᠤ ᠦᠭᠡᠢ᠂ ᠪᠠᠰᠠ ᠴᠤ ᠰᠣᠶᠣᠯ ᠪᠠ | ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠴᠢᠩ ᠱᠦᠢ ᠾᠧ ᠰᠢᠶᠠᠨ ᠤ ᠰᠣᠶᠣᠯ ᠪᠠ ᠵᠢᠭᠤᠯᠴᠢᠯᠠᠯ ᠤᠨ | ᠰᠢᠨ᠎ᠡ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠬᠦ ᠰᠠᠶᠢᠨ ᠲᠣᠬᠢᠶᠠᠯ ᠪᠣᠯᠤᠭᠰᠠᠨ ᠪᠠᠶᠢᠨ᠎ᠠ᠃ | | | | | | | | ᠰᠤᠷᠪᠤᠯᠵᠢᠯᠠᠭᠴᠢ 5 ᠳ᠋ᠤᠭᠠᠷ ᠰᠠᠷ᠎ᠠ ᠶᠢᠨ 6 ᠤ ᠡᠳᠦᠷ ᠬᠤᠷᠠᠯᠳᠤᠭᠰᠠᠨ ᠴᠢᠩ ᠱᠦᠢ ᠾᠧ ᠰᠢᠶᠠᠨ ᠤ | ᠣᠷᠳᠣ ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠴᠡᠴᠡᠷᠯᠢᠭ᠂ ᠴᠢᠩ ᠱᠦᠢ ᠾᠧ ᠰᠢᠶᠠᠨ ᠤ | ᠮᠦᠽᠧᠢ ᠶᠢᠨ ᠪᠦᠲᠦᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠠᠴᠠ ᠣᠶᠢᠯᠠᠭᠠᠭᠰᠠᠨ ᠨᠢ᠂ | ᠴᠢᠩ ᠱᠦᠢ ᠾᠧ ᠰᠢᠶᠠᠨ ᠤ ᠬᠢᠨ ᠤᠷᠳᠤ ᠴᠠᠭᠠᠨ ᠬᠡᠷᠡᠮ᠂ ᠬᠠᠳᠤᠨ ᠭᠤᠣᠯ ᠤᠨ ᠰᠣᠶᠣᠯ ᠤᠨ ᠵᠣᠷᠢᠭ ᠰᠠᠨᠠᠭᠠᠨ ᠤ | ᠠᠭᠤᠯᠤᠭᠳᠠᠬᠤᠨ ᠪᠣᠯᠣᠨ ᠴᠠᠭ ᠦᠶ᠎ᠡ ᠶᠢᠨ ᠦᠨ᠎ᠡ ᠦᠷᠳᠡᠭ ᠢ ᠦᠷᠭᠦᠯᠵᠢᠯᠡᠨ ᠭᠦᠨᠵᠡᠭᠡᠢ ᠠᠭᠤᠳᠠᠯᠤᠨ ᠰᠤᠳᠤᠯᠤᠨ | ᠲᠠᠶᠢᠯᠪᠤᠷᠢᠯᠠᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠡᠬᠢ ᠪᠠᠶᠠᠯᠢᠭ ᠤᠨ ᠲᠡᠦᠬᠡ ᠶᠢᠨ ᠦᠨᠡᠨ ᠪᠣᠳᠠᠲᠤ ᠴᠢᠨᠠᠷ᠂ | ᠳᠦᠷᠰᠦ ᠪᠠᠶᠢᠳᠠᠯ ᠤᠨ ᠪᠦᠷᠢᠨ ᠪᠦᠲᠦᠨ ᠴᠢᠨᠠᠷ᠂ ᠰᠣᠶᠣᠯ ᠤᠨ ᠦᠷᠭᠦᠯᠵᠢᠯᠡᠬᠦ ᠴᠢᠨᠠᠷ ᠢ ᠰᠠᠶᠢᠲᠤᠷ ᠬᠠᠮᠠᠭᠠᠯᠠᠵᠤ᠂ | ᠤᠷᠳᠤ ᠴᠠᠭᠠᠨ ᠬᠡᠷᠡᠮ᠂ ᠬᠠᠳᠤᠨ ᠭᠤᠣᠯ ᠤᠨ ᠰᠣᠶᠣᠯ ᠢ ᠠᠮᠢᠳᠤᠯᠢᠭ ᠢᠶᠠᠷ ᠢᠯᠡᠷᠡᠭᠦᠯᠦᠭᠰᠡᠨ ᠴᠢᠩ ᠱᠦᠢ ᠾᠧ ᠶᠢᠨ | ᠣᠨᠴᠠᠯᠢᠭ ᠲᠠᠢ ᠤᠯᠤᠰ ᠤᠨ ᠴᠡᠴᠡᠷᠯᠢᠭ ᠢ ᠪᠠᠶᠢᠷᠢᠰᠢᠭᠤᠯᠤᠨ ᠪᠠᠶᠢᠭᠤᠯᠬᠤ ᠪᠣᠯᠣᠨ᠎ᠠ᠃ᠰᠡᠳᠬᠢᠴᠡ ᠪᠠᠨ ᠤᠯᠠᠮ ᠨᠢᠭᠡ | ᠠᠯᠬᠤᠮ ᠥᠷᠭᠡᠳᠬᠡᠵᠦ᠂ ᠡᠯ᠎ᠡ ᠲᠠᠯ᠎ᠠ ᠶᠢᠨ ᠰᠤᠳᠤᠯᠭᠠᠨ ᠤ ᠬᠦᠴᠦᠨ ᠢ ᠨᠢᠭᠲᠠᠷᠠᠭᠤᠯᠤᠨ᠂ ᠰᠣᠶᠣᠯ ᠤᠨ | ᠤᠯᠠᠮᠵᠢᠯᠠᠬᠤ ᠬᠦᠴᠦᠨ ᠢ ᠳᠡᠭᠡᠭᠰᠢᠯᠡᠭᠦᠯᠵᠦ᠂ ᠬᠠᠮᠠᠭᠠᠯᠠᠵᠤ ᠤᠯᠠᠮᠵᠢᠯᠠᠨ ᠠᠰᠢᠭᠯᠠᠬᠤ᠂ ᠰᠣᠶᠣᠯ ᠰᠤᠷᠭᠠᠨ ᠬᠥᠮᠦᠵᠢᠯ | ᠂ ᠰᠢᠨᠵᠢᠯᠡᠬᠦ ᠤᠬᠠᠭᠠᠨ ᠤ ᠰᠤᠳᠤᠯᠭᠠᠨ᠂ ᠣᠯᠠᠨ ᠨᠡᠶᠢᠲᠡ ᠶᠢᠨ ᠦᠢᠯᠡᠴᠢᠯᠡᠭᠡ᠂ ᠵᠢᠭᠤᠯᠴᠢᠯᠠᠨ ᠲᠣᠭᠤᠷᠢᠬᠤ᠂ ᠵᠤᠭ᠎ᠠ | ᠴᠡᠩᠭᠡᠯ ᠵᠡᠷᠭᠡ ᠴᠢᠳᠠᠮᠵᠢ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠴᠢᠩ ᠱᠦᠢ ᠾᠧ ᠰᠢᠶᠠᠨ ᠤ ᠰᠢᠯᠢᠳᠡᠭ | ᠤᠯᠠᠮᠵᠢᠯᠠᠯᠲᠤ ᠰᠣᠶᠣᠯ ᠤᠨ ᠥᠨᠢ ᠤᠳᠠᠭᠠᠨ ᠤ ᠨᠥᠯᠥᠭᠡᠯᠡᠬᠦ ᠬᠦᠴᠦᠨ ᠢ ᠭᠦᠢᠴᠡᠳ ᠢᠯᠡᠷᠡᠭᠦᠯᠬᠦ ᠪᠣᠯᠣᠨ᠎ᠠ᠃ |