| | ᠾᠧ ᠬᠠᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ | ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 6 ᠤ ᠡᠳᠦᠷ᠂ ᠪᠦᠬᠦ ᠬᠤᠳᠠ ᠶᠢᠨ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠬᠠᠤᠯᠢᠵᠢᠯ ᠤᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠸᠢᠳᠢᠤ᠋ ᠬᠤᠷᠠᠯ ᠬᠤᠷᠠᠯᠳᠤᠪᠠ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠬᠠᠤᠯᠢᠵᠢᠯ ᠤᠨ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠾᠧ ᠬᠠᠢ | ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ | ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ᠂ | ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠳᠡᠳ᠋ ᠳᠠᠷᠤᠭ᠎ᠠ ᠯᠢ ᠵᠢᠶᠦ᠋ᠨ ᠬᠤᠷᠠᠯ ᠢ ᠡᠷᠬᠢᠯᠡᠵᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠶᠠᠷᠢᠶ᠎ᠠ | ᠲᠠᠯᠪᠢᠵᠠᠢ᠃ | ᠬᠤᠷᠠᠯ ᠳᠡᠭᠡᠷ᠎ᠡ᠂ ᠪᠥᠬᠦ ᠬᠤᠲᠠ ᠶᠢᠨ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ | ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠳᠠᠯ ᠢ ᠮᠡᠳᠡᠭᠳᠡᠪᠡ︔ ᠰᠠᠶᠢᠬᠠᠨ ᠲᠣᠭᠤᠷᠢᠭ᠂ | ᠬᠤᠳᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠣᠪᠣᠷ ᠢᠶᠠᠨ ᠢᠯᠡᠳᠬᠡᠬᠦ ᠦᠭᠡ ᠬᠡᠯᠡᠪᠡ᠃ | ᠾᠧ ᠬᠠᠢ ᠳ᠋ᠦᠩ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ | ᠪᠠᠶᠢᠭᠤᠯᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠵᠠᠪᠠᠯ ᠪᠠᠶᠢᠭᠤᠯᠤᠨ ᠪᠦᠲᠦᠬᠦ︾ | ᠢᠲᠡᠭᠡᠯ ᠵᠣᠷᠢᠭ ᠭᠠᠷᠭᠠᠵᠤ᠂ ᠤᠯᠤᠰ ᠥᠪᠡᠷᠲᠡᠭᠡᠨ ᠵᠠᠰᠠᠬᠤ ᠣᠷᠣᠨ ᠤ ᠶᠡᠷᠦᠩᠬᠡᠢ ᠱᠠᠭᠠᠷᠳᠠᠯᠭ᠎ᠠ ᠪᠠ ᠪᠥᠬᠦ | ᠬᠤᠲᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠪᠣᠳᠠᠲᠠᠢ | ᠠᠷᠭ᠎ᠠ ᠬᠡᠮᠵᠢᠶ᠎ᠡ ᠠᠪᠴᠤ᠂ ᠡᠭᠦᠳᠦᠨ ᠪᠠᠶᠢᠭᠤᠯᠬᠤ ᠠᠵᠢᠯ ᠤᠨ ᠥᠨᠳᠥᠷ ᠪᠦᠲᠦᠮᠵᠢᠲᠡᠢ ᠡᠮᠬᠢ ᠵᠢᠷᠤᠮ ᠲᠠᠢ | ᠥᠷᠨᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠨᠢᠭᠡ ᠯᠠ ᠠᠮᠢᠰᠬᠤᠭ᠎ᠠ ᠪᠠᠷ ᠠᠮᠵᠢᠯᠲᠠ ᠲᠠᠢ | ᠡᠭᠦᠳᠦᠨ ᠪᠠᠶᠢᠭᠤᠯᠬᠤ ᠬᠡᠷᠡᠭᠲᠡᠢ ᠭᠡᠵᠡᠢ᠃ | ᠾᠧ ᠬᠠᠢ ᠳ᠋ᠦᠩ ᠱᠠᠭᠠᠷᠳᠠᠭᠰᠠᠨ ᠨᠢ᠂ ︽ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ︾ | ᠶᠢ ᠠᠳᠬᠤᠵᠤ᠂ ᠬᠠᠤᠯᠢ ᠶᠢ ᠰᠤᠷᠤᠯᠴᠠᠨ ᠬᠠᠤᠯᠢ ᠶᠢ ᠣᠶᠢᠯᠠᠭᠠᠵᠤ᠂ ᠳᠦᠷᠢᠮ ᠢ ᠲᠡᠭᠦᠯᠳᠡᠷᠵᠢᠭᠦᠯᠦᠨ᠂ ᠲᠠᠰ | ᠳᠠᠷᠠᠭᠠᠯᠠᠯ ᠢ ᠴᠢᠩᠳᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠯ ᠤᠨ ᠬᠢᠷᠢ ᠲᠦᠪᠰᠢᠨ ᠢ | ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ︽ᠬᠠᠤᠯᠢᠵᠢᠯ ᠤᠨ ᠣᠷᠴᠢᠨ ᠲᠣᠭᠤᠷᠢᠨ︾ ᠢ ᠠᠳᠬᠤᠵᠤ᠂ ᠬᠠᠤᠯᠢ | ᠶᠣᠰᠣᠭᠠᠷ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠶᠣᠰᠣᠭᠠᠷ ᠬᠦᠰᠡᠯ ᠱᠠᠭᠠᠷᠳᠠᠯᠭ᠎ᠠ ᠶᠢ ᠬᠦᠯᠢᠶᠡᠨ | ᠠᠪᠴᠤ᠂ ᠬᠠᠤᠯᠢ ᠶᠣᠰᠣᠭᠠᠷ ᠬᠤᠳᠠᠯᠳᠤᠭ᠎ᠠ ᠶᠢ ᠳᠣᠲᠣᠨᠣᠴᠢᠯᠠᠨ ᠬᠤᠳᠠᠯᠳᠤᠭ᠎ᠠ ᠶᠢ ᠠᠮᠤᠷᠵᠢᠭᠤᠯᠵᠤ᠂ ᠡᠷᠬᠡ | ᠲᠡᠭᠰᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ᠂ ᠲᠦᠷᠦ ᠶᠢᠨ ᠪᠣᠳᠣᠯᠭ᠎ᠠ ᠶᠢᠨ ᠣᠷᠴᠢᠨ | ᠲᠣᠭᠤᠷᠢᠨ ᠪᠣᠯᠣᠨ ᠬᠠᠤᠯᠢᠵᠢᠯ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ︽ᠲᠥᠪ ᠭᠤᠣᠯᠴᠢ ᠪᠠᠷ | ᠬᠠᠤᠯᠢ ᠬᠡᠷᠡᠭᠵᠢᠭᠦᠯᠬᠦ︾ ᠶᠢ ᠠᠳᠬᠤᠵᠤ᠂ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠭᠤᠣᠯᠳᠠᠯᠭ᠎ᠠ ᠲᠠᠢ | ᠬᠦᠷᠢᠶ᠎ᠡ ᠶᠢ ᠠᠩᠬᠠᠷᠴᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠠᠷᠭ᠎ᠠ | ᠮᠠᠶ᠋ᠢᠭ ᠤᠨ ᠲᠠᠯ᠎ᠠ ᠪᠠᠷ ᠰᠢᠨ᠎ᠡ ᠶᠢ ᠡᠭᠦᠳᠴᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠢᠯᠡᠳᠦᠯ ᠴᠢᠳᠠᠪᠤᠷᠢ ᠶᠢ | ᠳᠡᠭᠡᠭᠰᠢᠯᠡᠭᠦᠯᠬᠦ ᠬᠡᠷᠡᠭᠲᠡᠢ᠃ ︽ᠵᠥᠷᠢᠴᠡᠯ ᠢ ᠠᠷᠢᠯᠭᠠᠬᠤ︾ ᠶᠢ ᠠᠳᠬᠤᠵᠤ᠂ ᠬᠠᠤᠯᠢ ᠴᠠᠭᠠᠵᠠ ᠶᠢᠨ ᠠᠷᠭ᠎ᠠ | ᠪᠠᠷᠢᠯ ᠢᠶᠠᠷ ᠳᠠᠮᠵᠢᠭᠤᠯᠤᠨ ᠡᠯ᠎ᠡ ᠲᠦᠷᠦᠯ ᠤᠨ ᠵᠠᠬᠢᠳᠠᠯ ᠰᠣᠷᠪᠤᠯᠵᠢᠯᠠᠭ᠎ᠠ ᠶᠢᠨ ᠬᠡᠷᠡᠭ ᠢ ᠲᠦᠷᠦᠯ ᠬᠤᠪᠢᠶᠠᠨ | ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠬᠠᠤᠯᠢ ᠶᠣᠰᠣᠭᠠᠷ ᠦᠨᠳᠦᠰᠦᠨ ᠱᠠᠲᠤᠨ ᠳᠤ ᠠᠷᠢᠯᠭᠠᠬᠤ ᠬᠡᠷᠡᠭᠲᠡᠢ | ᠃ ︽ᠡᠷᠬᠡ ᠳᠤ ᠬᠢᠨᠠᠯᠲᠠ ᠲᠠᠯᠪᠢᠬᠤ︾ ᠶᠢ ᠠᠳᠬᠤᠵᠤ᠂ ᠬᠢᠵᠠᠭᠠᠷᠯᠠᠬᠤ ᠶᠢ ᠴᠢᠬᠤᠯᠠᠴᠢᠯᠠᠨ᠂ ᠬᠢᠨᠠᠯᠲᠠ ᠲᠠᠯᠪᠢᠬᠤ ᠶᠢ | ᠴᠢᠬᠤᠯᠠᠴᠢᠯᠠᠨ᠂ ᠢᠯᠡ ᠪᠣᠯᠭᠠᠬᠤ ᠶᠢ ᠴᠢᠬᠤᠯᠠᠴᠢᠯᠠᠨ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠬᠦ ᠬᠡᠷᠡᠭᠲᠡᠢ᠃ ᠡᠭᠦᠳᠦᠨ ᠪᠠᠶᠢᠭᠤᠯᠬᠤ ᠠᠵᠢᠯ ᠤᠨ ᠡᠯ᠎ᠡ | ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠳᠦᠨ ᠪᠠᠶᠢᠭᠤᠯᠬᠤ ᠡᠭᠦᠷᠭᠡ ᠶᠢᠨ ᠠᠵᠢᠯ ᠤᠨ | ᠬᠤᠪᠢᠶᠠᠷᠢᠯᠠᠯ ᠲᠠᠢ ᠴᠢᠩᠭ᠎ᠠ ᠬᠠᠷᠢᠴᠠᠭᠤᠯᠤᠨ᠂ ᠨᠠᠶᠢᠳᠠᠪᠤᠷᠢᠵᠢᠭᠤᠯᠬᠤ ᠲᠥᠰᠥᠯ ᠢ ᠱᠠᠯᠠᠪᠳᠠᠨ ᠲᠣᠭᠲᠠᠭᠠᠵᠤ᠂ ︽ | ᠵᠠᠪᠠᠯ ᠪᠠᠶᠢᠭᠤᠯᠤᠨ ᠪᠦᠲᠦᠭᠡᠬᠦ︾ ᠬᠡᠷᠡᠭᠲᠡᠢ ᠭᠡᠵᠡᠢ᠃ | ᠮᠠᠨ ᠤ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠬᠠᠷᠢᠭᠤᠴᠠᠯᠭᠠᠲᠠᠨ | ᠨᠥᠬᠦᠳ ᠣᠷᠣᠯᠴᠠᠪᠠ᠃ ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ | ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃ | ᠢᠷᠡᠯᠲᠡ᠄ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ |