︵ᠰᠤᠷᠪᠤᠯᠵᠢᠯᠠᠭᠴᠢ ᠴᠢ ᠰᠢᠶᠣᠣ ᠶᠠᠨ︶ ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ ᠶᠢ ᠤᠯᠠᠮ ᠨᠢᠭᠡ | ᠠᠯᠬᠤᠮ ᠬᠤᠷᠢᠭᠯᠠᠬᠤ ᠶᠢᠨ ᠲᠥᠯᠥᠭᠡ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠬᠤᠶᠠᠷ | ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠴᠠᠭᠠᠵᠤ ᠬᠠᠤᠯᠢ ᠬᠡᠷᠡᠭᠵᠢᠭᠦᠯᠬᠦ | ᠰᠠᠯᠠᠭ᠎ᠠ ᠮᠥᠴᠢᠷ ᠠᠴᠠ ᠮᠠᠨ ᠤ ᠬᠤᠲᠠ ᠶᠢᠨ ᠬᠡᠰᠡᠭ ᠬᠤᠭᠤᠯᠠ ᠤᠮᠳᠠᠭᠠᠨ ᠤ ᠭᠠᠵᠠᠷ ᠲᠤ ᠬᠢᠨᠠᠨ ᠵᠢᠯᠣᠭᠤᠳᠤᠯᠭ᠎ᠠ | ᠪᠠᠶᠢᠴᠠᠭᠠᠯᠲᠠ ᠬᠢᠵᠦ᠂ ᠬᠤᠭᠤᠯᠠ ᠪᠤᠳᠠᠭ᠎ᠠ ᠬᠢᠬᠦ ᠶᠠᠪᠤᠴᠠ ᠳᠤ ᠶᠡᠭᠡ ᠬᠡᠮᠵᠢᠶ᠎ᠡ ᠪᠠᠷ ᠲᠣᠭᠤᠭᠠᠨ ᠭᠡᠷ ᠤᠨ ᠬᠤᠭ | ᠨᠣᠪᠰᠢ ᠭᠠᠷᠭᠠᠭᠰᠠᠨ ᠡᠰᠡᠬᠦ᠂ ᠪᠣᠭᠤᠳᠠᠯᠯᠠᠬᠤ ᠦᠢᠯᠡᠴᠢᠯᠡᠭᠡ ᠬᠠᠩᠭᠠᠭᠰᠠᠨ ᠡᠰᠡᠬᠦ᠂ ᠬᠡᠷᠡᠭᠯᠡᠭᠴᠢᠳ ᠢ ᠦᠲᠦᠭᠡᠵᠦ | ᠪᠤᠷᠤᠭᠤ ᠵᠢᠯᠣᠭᠤᠳᠴᠤ ᠬᠡᠮᠵᠢᠶ᠎ᠡ ᠠᠴᠠ ᠬᠡᠲᠦᠷᠡᠭᠦᠯᠦᠨ ᠬᠤᠭᠤᠯᠠ ᠵᠠᠬᠢᠶᠠᠯᠠᠭᠤᠯᠤᠭᠰᠠᠨ ᠵᠡᠷᠭᠡ ᠦᠶᠯᠡ ᠠᠵᠢᠯᠯᠠᠭ᠎ᠠ | ᠣᠷᠣᠰᠢᠵᠤ ᠪᠠᠶᠢᠬᠤ ᠡᠰᠡᠬᠦ ᠶᠢ ᠭᠤᠣᠯᠳᠠᠯᠭ᠎ᠠ ᠲᠠᠢ ᠪᠠᠶᠢᠴᠠᠭᠠᠨ ᠦᠵᠡᠪᠡ᠃ | ᠪᠠᠶᠢᠴᠠᠭᠠᠯᠲᠠ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤᠮᠳᠠᠭᠠᠨ ᠤ ᠦᠢᠯᠡᠴᠢᠯᠡᠭᠡᠨ ᠤ | ᠨᠢᠭᠡᠴᠡ ᠶᠢ ᠰᠢᠮᠳᠠᠭᠤᠯᠤᠨ ᠲᠣᠭᠤᠭᠠᠨ ᠭᠡᠷ ᠤᠨ ᠪᠠᠶᠢᠷᠢᠰᠢᠭᠤᠯᠤᠯᠲᠠ ᠵᠢᠴᠢ ᠬᠠᠲᠠᠭᠤ ᠲᠣᠨᠤᠭ ᠤᠨ ᠪᠡᠯᠡᠳᠬᠡᠮᠵᠢ ᠶᠢ | ᠰᠢᠯᠢᠳᠡᠭᠵᠢᠭᠦᠯᠵᠦ᠂ ᠢᠳᠡᠭᠡᠨ ᠢ ᠰᠢᠢᠳᠪᠦᠷᠢᠯᠡᠬᠦ ᠣᠷᠣᠨ᠂ ᠲᠣᠭᠤᠭᠠᠨ ᠭᠡᠷ᠂ ᠬᠤᠭᠤᠯᠠ ᠢᠳᠡᠬᠦ ᠣᠷᠣᠨ᠂ | ᠠᠷᠢᠭᠤᠨ ᠴᠡᠪᠡᠷ ᠤᠨ ᠥᠷᠥᠭᠡ ᠵᠡᠷᠭᠡ ᠲᠠᠯᠠᠪᠤᠷ ᠭᠠᠵᠠᠷ ᠢ ᠲᠣᠭᠲᠠᠮᠠᠯ ᠬᠤᠭᠤᠴᠠᠭ᠎ᠠ ᠲᠠᠢ ᠴᠡᠪᠡᠷᠯᠡᠬᠦ ᠳᠦᠷᠢᠮ ᠢ | ᠪᠠᠶᠢᠭᠤᠯᠤᠨ ᠪᠦᠷᠢᠨᠰᠢᠭᠦᠯᠵᠦ᠂ ᠲᠣᠭᠤᠭᠠᠨ ᠭᠡᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ︽ᠠᠷᠢᠭᠤᠨ ᠴᠡᠪᠡᠷ ᠲᠣᠭᠤᠭᠠᠨ ᠭᠡᠷ︾ ᠢ ᠪᠠᠶᠢᠭᠤᠯᠵᠤ᠂ | ᠬᠡᠷᠡᠭᠯᠡᠭᠴᠢᠳ ᠲᠤ ᠠᠶᠤᠯᠭᠦᠢ᠂ ᠴᠡᠪᠡᠷ ᠲᠡᠭᠰᠢ᠂ ᠲᠠᠭᠠᠯᠠᠮᠵᠢᠲᠠᠢ ᠢᠳᠡᠭᠡᠨ ᠤᠮᠳᠠᠭᠠᠨ ᠤ ᠦᠢᠯᠡᠴᠢᠯᠡᠭᠡᠨ ᠤ | ᠣᠷᠴᠢᠨ ᠲᠣᠭᠤᠷᠢᠨ ᠢ ᠪᠣᠶ ᠪᠣᠯᠭᠠᠵᠤ᠂ ᠢᠳᠡᠭᠡᠨ ᠤᠮᠳᠠᠭᠠᠨ ᠤ ᠬᠡᠷᠡᠭᠯᠡᠭᠡᠨ ᠤ ᠣᠶᠢᠯᠠᠭᠠᠯᠲᠠ ᠶᠢ ᠲᠠᠰᠤᠷᠠᠯᠲᠠ | ᠦᠭᠡᠢ ᠳᠡᠭᠡᠭᠰᠢᠯᠡᠭᠦᠯᠪᠡ᠃ | ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠰᠢᠨ᠎ᠡ ᠬᠤᠲᠠ ᠲᠣᠭᠤᠷᠢᠭ ᠤᠨ ᠾᠧ ᠴᠢᠶᠦ᠋ᠨ ᠲᠠᠷᠢᠶᠠᠯᠠᠩ ᠤᠨ | ᠠᠷᠠᠯᠵᠢᠶᠠᠨ ᠤ ᠠᠷᠠᠳ ᠲᠤ ᠳᠥᠭᠦᠮ ᠵᠠᠬ᠎ᠠ ᠳᠡᠯᠭᠡᠭᠦᠷ ᠤᠨ ᠭᠠᠭ᠋ᠠᠢ ᠶᠢᠨ ᠮᠢᠬ᠎ᠠ ᠬᠤᠳᠠᠯᠳᠤᠬᠤ ᠭᠠᠵᠠᠷ ᠲᠤ | ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠯᠲᠠ ᠬᠢᠵᠦ᠂ ᠲᠦᠭᠦᠬᠡᠢ ᠭᠠᠭ᠋ᠠᠢ ᠶᠢᠨ ᠮᠢᠬ᠎ᠠ ᠠᠴᠠ ᠥᠯᠢᠭᠡᠷ ᠠᠪᠴᠤ | ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠵᠣᠬᠢᠬᠤ ᠪᠦᠯᠦᠭ ᠤᠳᠠᠭ᠎ᠠ ᠶᠢᠨ ᠢᠳᠡᠭᠡᠨ ᠤ ᠪᠠᠷᠠᠭ᠎ᠠ | ᠣᠷᠣᠭᠤᠯᠤᠭᠰᠠᠨ ᠫᠢᠶᠣᠣ ᠪᠠᠷᠢᠮᠲᠠ᠂ ᠰᠢᠯᠭᠠᠨ ᠪᠠᠶᠢᠴᠠᠭᠠᠯᠲᠠ ᠬᠢᠵᠢᠭ ᠪᠠᠶᠢᠴᠠᠭᠠᠯᠲᠠ ᠳᠤ ᠬᠢᠷᠢ ᠲᠡᠩᠴᠡᠭᠰᠡᠨ | ᠭᠡᠷᠡᠴᠢ᠂ ᠢᠳᠡᠭᠡᠨ ᠢ ᠬᠠᠳᠠᠭᠠᠯᠠᠬᠤ ᠨᠥᠬᠦᠴᠡᠯ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠵᠠᠬ᠎ᠠ ᠳᠡᠯᠭᠡᠭᠦᠷ ᠤᠨ | ᠭᠤᠣᠯᠯᠠᠨ ᠡᠷᠭᠢᠯᠡᠬᠦ ᠲᠠᠯ᠎ᠠ ᠪᠠ ᠢᠳᠡᠭᠡᠨ ᠡᠵᠡᠩᠨᠡᠭᠴᠢ ᠡᠷᠬᠡᠪᠰᠢ ᠢᠳᠡᠭᠡᠨ ᠤ ᠠᠶᠤᠯᠭᠦᠢ ᠶᠢᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠵᠡᠩᠨᠡᠯᠲᠡ ᠶᠢᠨ ᠦᠶᠯᠡ ᠠᠵᠢᠯᠯᠠᠭ᠎ᠠ ᠪᠠᠨ ᠵᠢᠷᠤᠮᠵᠢᠭᠤᠯᠤᠨ᠂ | ᠢᠳᠡᠭᠡᠨ ᠤ ᠠᠶᠤᠯᠭᠦᠢ ᠶᠢᠨ ᠳᠠᠯᠳᠠ ᠬᠡᠮ ᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠬᠡᠷᠡᠭᠲᠡᠢ ᠭᠡᠵᠦ ᠰᠠᠨᠠᠭᠤᠯᠪᠠ᠃ | ᠢᠷᠡᠯᠲᠡ᠄ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ | |