ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠣᠨᠣᠯ ᠢ ᠭᠦᠨᠵᠡᠭᠡᠢ ᠤᠬᠠᠭᠤᠯᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂︽ᠦᠨᠳᠦᠰᠦᠲᠡᠨ ᠤ | ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾᠂︽ᠦᠨᠳᠦᠰᠦᠲᠡᠨ ᠤ ᠬᠠᠤᠯᠢᠵᠢᠯ ᠤᠨ ᠤᠬᠠᠭᠤᠯᠭ᠎ᠠ ᠶᠢᠨ | ᠭᠠᠷᠠᠭ︾ ᠢᠶᠠᠷ ᠠᠵᠠ ᠲᠣᠬᠢᠶᠠᠯ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠤᠯᠠᠮ ᠴᠢᠨᠠᠭᠰᠢᠳᠠ ᠪᠠᠲᠤᠳᠬᠠᠬᠤ ᠶᠢᠨ ᠲᠤᠰᠠᠳᠠ᠂ 5 ᠳ᠋ᠤᠭᠠᠷ ᠰᠠᠷ᠎ᠠ ᠶᠢᠨ 8 ᠤ ᠡᠳᠦᠷ᠂ ᠴᠢᠩ ᠱᠦᠢ ᠾᠧ | ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠠᠴᠠ ᠦᠨᠳᠦᠰᠦᠲᠡᠨ ᠤ ᠲᠦᠷᠦ ᠶᠢᠨ | ᠪᠣᠳᠣᠯᠭ᠎ᠠ ᠶᠢ ᠰᠤᠷᠤᠯᠴᠠᠬᠤ᠂ ᠦᠨᠳᠦᠰᠦᠲᠡᠨ ᠤ ᠬᠠᠤᠯᠢᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠪᠦᠬᠦ ᠺᠠᠳ᠋ᠷ ᠠᠵᠢᠯᠲᠠᠨ ᠠᠵᠢᠯᠴᠢᠨ ᠲᠤᠰ ᠤᠳᠠᠭ᠎ᠠ ᠶᠢᠨ ᠲᠥᠪᠯᠡᠷᠡᠩᠭᠦᠢ ᠰᠤᠷᠤᠯᠴᠠᠯᠭ᠎ᠠ ᠳᠤ ᠣᠷᠣᠯᠴᠠᠪᠠ᠃ | | | | | ᠬᠤᠷᠠᠯ ᠳᠡᠭᠡᠷ᠎ᠡ ᠴᠢᠶᠣᠤ ᠵᠢᠶᠠᠨ ᠪᠢᠨ ᠨᠥᠬᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠳᠤ ᠨᠠᠷᠢᠨ ᠲᠠᠶᠢᠯᠤᠮᠵᠢ ᠬᠢᠵᠦ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠴᠢᠬᠤᠯᠠ ᠴᠢᠨᠠᠷ ᠢ ᠴᠢᠬᠤᠯᠠᠴᠢᠯᠠᠭᠰᠠᠨ ᠤ ᠬᠠᠮᠲᠤ᠂ | ᠣᠯᠠᠨ ᠢᠶᠠᠷ ᠢᠶᠠᠨ ︽ᠳᠦᠷᠢᠮ︾ ᠢ ᠰᠤᠷᠤᠯᠴᠠᠨ ᠲᠤᠭᠤᠰᠢᠠᠯᠭᠤᠯᠬᠤ ᠶᠢ ᠦᠵᠡᠯ ᠰᠠᠨᠠᠭ᠎ᠠ ᠪᠠ ᠦᠶᠯᠡ | ᠠᠵᠢᠯᠯᠠᠭ᠎ᠠ ᠶᠢᠨ ᠤᠬᠠᠮᠰᠠᠷ ᠪᠣᠯᠭᠠᠨ ᠬᠤᠪᠢᠷᠠᠭᠤᠯᠵᠤ᠂ ᠡᠳᠦᠷ ᠲᠤᠲᠤᠮ ᠤᠨ ᠠᠵᠢᠯ ᠤᠨ ᠳᠤᠮᠳᠠ ᠪᠠᠨ | ᠲᠤᠤᠱᠯᠠᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠢᠶᠠᠨ ᠤ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠳᠦᠷᠢᠮ︾ ᠢ ᠣᠳᠣᠬᠠᠨ ᠤ ᠨᠢᠭᠡ ᠵᠦᠢᠯ ᠤᠨ ᠴᠢᠬᠤᠯᠠ | ᠤᠯᠤᠰ ᠲᠥᠷᠥ ᠶᠢᠨ ᠡᠭᠦᠷᠭᠡ ᠪᠣᠯᠭᠠᠵᠤ᠂ ᠦᠨᠳᠦᠰᠦᠲᠡᠨ ᠤ ᠠᠵᠢᠯ ᠢ ᠥᠷᠨᠢᠭᠦᠯᠬᠦ ᠶᠢᠨ ᠴᠢᠬᠤᠯᠠ ᠠᠴᠢ | ᠬᠤᠯᠪᠣᠭᠳᠠᠯ ᠢ ᠭᠦᠢᠴᠡᠳ ᠲᠠᠨᠢᠵᠤ᠂ ᠰᠠᠶᠢᠲᠤᠷ ᠰᠤᠷᠤᠯᠴᠠᠵᠤ᠂ ᠰᠠᠶᠢᠲᠤᠷ ᠬᠡᠷᠡᠭᠯᠡᠵᠦ᠂ ᠰᠠᠶᠢᠲᠤᠷ ᠤᠬᠠᠭᠤᠯᠵᠤ᠂ | ᠦᠨᠳᠦᠰᠦᠲᠡᠨ ᠤ ᠠᠵᠢᠯ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠤᠬᠠᠭᠤᠯᠬᠤ ᠠᠵᠢᠯ ᠢ ᠰᠠᠶᠢᠲᠤᠷ ᠬᠢᠵᠦ᠂ ᠡᠭᠦᠨ ᠤ ᠤᠯᠠᠮ ᠠᠴᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠬᠦᠨᠳᠦᠳᠬᠡᠬᠦ᠂ ᠪᠦᠯᠬᠦᠮᠳᠡᠨ | ᠬᠠᠪᠰᠤᠷᠤᠯᠴᠠᠬᠤ ᠶᠢ ᠠᠬᠢᠭᠤᠯᠵᠤ᠂ ᠡᠷᠡᠭᠦᠯ ᠲᠣᠭᠲᠠᠭᠤᠨ᠂ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ | ᠬᠠᠮᠲᠤ ᠪᠠᠷ ᠪᠣᠢ ᠪᠣᠯᠭᠠᠬᠤ ᠬᠡᠷᠡᠭᠲᠡᠢ ᠭᠡᠵᠡᠢ᠃ |