ᠮᠠᠨ ᠤ ᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠦᠷ᠎ᠡ ᠠᠰᠢᠭᠯᠠᠮᠵᠢ ᠶᠢ ᠳᠡᠭᠡᠭᠰᠢᠯᠡᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2023/6/20
     ︵ᠰᠤᠷᠪᠤᠯᠵᠢᠯᠠᠭᠴᠢ ᠶᠦᠨ ᠶᠠᠨ ᠹᠠᠩ︶ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠵᠤ᠂ ᠲᠤᠰᠢᠶᠠᠵᠤ ᠪᠠᠶᠢᠭ᠎ᠠ ᠠᠵᠢᠯᠲᠠᠨ ᠠᠵᠢᠯᠴᠢᠨ ᠤ ᠣᠷᠣᠨ ᠰᠠᠭᠤᠴᠠ ᠶᠢᠨ ᠬᠠᠳᠠᠨ ᠬᠡᠷᠡᠭᠴᠡᠭᠡ ᠶᠢ ᠳᠡᠮᠵᠢᠬᠦ ᠶᠢᠨ ᠲᠥᠯᠥᠭᠡ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠯᠠᠨ ᠵᠦᠢᠯ ᠤᠨ ᠠᠷᠭ᠎ᠠ ᠬᠡᠮᠵᠢᠶ᠎ᠡ ᠬᠡᠷᠡᠭᠯᠡᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠬᠠᠶᠢᠯᠠᠭᠰᠠᠨ ᠠᠵᠢᠯ ᠤᠨ ᠦᠷ᠎ᠡ ᠠᠰᠢᠭᠯᠠᠮᠵᠢ ᠶᠢ ᠳᠡᠭᠡᠭᠰᠢᠯᠡᠭᠦᠯᠵᠦ ᠪᠠᠶᠢᠨ᠎ᠠ᠃      ᠲᠥᠪ ᠨᠢ ︽ᠬᠤᠳᠠᠯᠳᠤᠭᠠᠨ ᠤ ᠵᠢᠭᠡᠯᠡᠯᠭᠡ ᠶᠢ ᠬᠤᠷᠠᠮᠳᠤᠭᠤᠯᠭ᠎ᠠ ᠶᠢᠨ ᠵᠢᠭᠡᠯᠡᠯᠭᠡ ᠪᠣᠯᠭᠠᠨ ᠬᠤᠪᠢᠷᠠᠭᠤᠯᠬᠤ︾ ᠰᠢᠭᠤᠳ ᠰᠢᠯᠵᠢᠭᠦᠯᠬᠦ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠯᠥ ᠬᠥᠳᠡᠯᠬᠦ ᠬᠥᠷᠥᠩᠭᠡ ᠪᠠ ᠨᠠᠶᠢᠳᠠᠯᠭ᠎ᠠ ᠬᠦᠯᠢᠶᠡᠭᠰᠡᠨ ᠪᠠᠩᠬᠢ ᠶᠢ ᠵᠣᠬᠢᠴᠠᠭᠤᠯᠬᠤ ᠪᠠᠷ ᠳᠠᠮᠵᠢᠭᠤᠯᠤᠨ᠂ ᠲᠠᠰ ᠳᠠᠷᠠᠭᠠᠯᠠᠯ ᠢᠶᠠᠷ ᠪᠠᠷᠢᠴᠠᠭᠠᠯᠠᠬᠤ᠂ ᠳᠣᠲᠣᠭᠠᠳᠤ ᠳᠠᠭᠠᠨ ᠰᠢᠯᠵᠢᠭᠦᠯᠬᠦ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠠᠴᠠ ᠣᠷᠣᠯᠠᠨ ᠲᠥᠯᠥᠬᠦ ᠵᠡᠷᠭᠡ ᠠᠷᠭ᠎ᠠ ᠮᠠᠶ᠋ᠢᠭ ᠢ ᠬᠡᠷᠡᠭᠯᠡᠨ᠂ ᠬᠤᠳᠠᠯᠳᠤᠭᠠᠨ ᠤ ᠪᠠᠩᠬᠢ ᠶᠢᠨ ᠣᠷᠣᠨ ᠰᠠᠭᠤᠴᠠ ᠶᠢᠨ ᠵᠢᠭᠡᠯᠡᠯᠭᠡ ᠶᠢ ᠰᠢᠭᠤᠳ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠪᠣᠯᠭᠠᠨ ᠬᠤᠪᠢᠷᠠᠭᠤᠯᠵᠤ᠂ ᠲᠤᠰᠢᠶᠠᠵᠤ ᠪᠠᠶᠢᠭ᠎ᠠ ᠠᠵᠢᠯᠲᠠᠨ ᠠᠵᠢᠯᠴᠢᠨ ᠤ ᠵᠢᠭᠡᠯᠡᠯᠭᠡ ᠪᠠᠨ ᠰᠣᠯᠢᠬᠤ ᠳᠠᠷᠤᠭᠠᠰᠤ ᠶᠢ ᠶᠡᠭᠡ ᠪᠠᠷ ᠬᠥᠩᠭᠡᠷᠡᠭᠦᠯᠪᠡ︔ ᠡᠭᠦᠨ ᠤ ᠬᠠᠮᠲᠤ᠂ ᠲᠥᠪ ᠠᠴᠠ ᠪᠠᠰᠠ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ ᠢᠳᠡᠪᠬᠢᠲᠡᠢ ᠬᠡᠷᠡᠭᠵᠢᠭᠦᠯᠵᠦ᠂  ᠬᠤᠳᠠᠯᠳᠤᠭᠠᠨ ᠤ ᠪᠠᠩᠬᠢ ᠲᠠᠢ ᠠᠳᠠᠯᠢ ᠨᠢᠭᠡᠨ ᠳᠠᠭᠠᠭᠠᠯᠲᠠ ᠶᠢᠨ ᠠᠷᠭ᠎ᠠ ᠮᠠᠶ᠋ᠢᠭ᠂ ᠠᠳᠠᠯᠢ ᠨᠢᠭᠡᠨ ᠴᠠᠭ ᠲᠤ ᠲᠠᠷᠬᠠᠭᠠᠬᠤ᠂ ᠠᠳᠠᠯᠢ ᠨᠢᠭᠡᠨ ᠴᠠᠭ ᠲᠤ ᠪᠤᠴᠠᠭᠠᠬᠤ᠂ ᠠᠳᠠᠯᠢ ᠨᠢᠭᠡᠨ ᠵᠢᠭᠡᠯᠡᠯᠭᠡ ᠶᠢᠨ ᠬᠤᠭᠤᠴᠠᠭ᠎ᠠ ᠶᠢᠨ ᠠᠷᠭ᠎ᠠ ᠮᠠᠶ᠋ᠢᠭ ᠢ ᠠᠪᠴᠤ᠂ ᠴᠢᠬᠤᠯᠠ ᠨᠥᠬᠦᠴᠡᠯ ᠢ ᠳᠥᠭᠦᠮᠴᠢᠯᠡᠨ᠂ ᠶᠠᠪᠤᠴᠠ ᠶᠢ ᠰᠢᠯᠢᠳᠡᠭᠵᠢᠭᠦᠯᠵᠦ᠂ ᠬᠤᠳᠠᠯᠳᠤᠭᠠᠨ ᠤ ᠪᠠᠩᠬᠢ᠂ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠵᠡᠷᠭᠡ ᠭᠤᠷᠪᠠᠨ ᠲᠠᠯ᠎ᠠ ᠶᠢᠨ ᠬᠠᠷᠢᠭᠤᠴᠠᠯᠭᠠᠲᠤ ᠭᠤᠣᠯ ᠴᠣᠭᠴᠠ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠲᠠᠨᠢᠯᠲᠠ ᠲᠠᠢ ᠪᠣᠯᠵᠤ᠂ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠠᠮ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ 2023 ᠣᠨ ᠤ 1 ︱ 5 ᠳ᠋ᠤᠭᠠᠷ ᠰᠠᠷ᠎ᠠ ᠳᠤ᠂ ᠲᠤᠰᠢᠶᠠᠵᠤ ᠪᠠᠶᠢᠭ᠎ᠠ 5453 ᠠᠵᠢᠯᠲᠠᠨ ᠠᠵᠢᠯᠴᠢᠨ ᠳᠤ ᠨᠡᠶᠢᠲᠡ 24.48 ᠳ᠋ᠦᠩᠰᠢᠭᠤᠷ ᠲᠥᠭᠦᠷᠢᠭ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠲᠠᠯᠪᠢᠵᠤ᠂ 48.32 ᠳ᠋ᠦᠩᠰᠢᠭᠤᠷ ᠲᠥᠭᠦᠷᠢᠭ ᠤᠨ ᠭᠡᠷ ᠪᠠᠶᠢᠰᠢᠩ ᠬᠤᠳᠠᠯᠳᠤᠨ ᠠᠪᠬᠤ ᠶᠢ ᠳᠠᠶᠢᠴᠢᠯᠠᠵᠤ᠂ 55.24 ᠲᠦᠮᠡᠨ ᠲᠡᠭᠰᠢ ᠳᠥᠷᠪᠡᠯᠵᠢᠨ ᠮᠧᠲᠷ ᠤᠨ ᠭᠡᠷ ᠪᠠᠶᠢᠰᠢᠩ ᠬᠤᠳᠠᠯᠳᠤᠨ ᠠᠪᠬᠤ ᠶᠢ ᠳᠠᠶᠢᠴᠢᠯᠠᠪᠠ᠃      ᠲᠠᠷᠠᠭᠠᠴᠢ ᠶᠢᠨ ᠠᠯᠬᠤᠮ ᠳᠤ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠬᠢᠨ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠭᠦᠶᠦᠬᠦ ᠨᠢ ᠣᠯᠠᠨ᠂ ᠮᠠᠲ᠋ᠧᠷᠢᠶᠠᠯ ᠣᠯᠠᠨ᠂ ᠴᠠᠭ ᠨᠢ ᠣᠷᠳᠣ ᠵᠡᠷᠭᠡ ᠲᠦᠪᠡᠭᠲᠡᠢ ᠠᠰᠠᠭᠤᠳᠠᠯ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ 2023 ᠣᠨ ᠤ ᠳᠣᠲᠣᠷ᠎ᠠ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ︽ᠨᠢᠭᠤᠷ ᠵᠣᠯᠭᠠᠬᠤ ᠦᠭᠡᠢ ᠪᠠᠷ ᠬᠢᠨᠠᠨ ᠵᠥᠪᠰᠢᠶᠡᠷᠡᠭᠦᠯᠬᠦ︾ ᠴᠢᠳᠠᠮᠵᠢ ᠶᠢ ᠨᠡᠭᠡᠭᠡᠵᠦ᠂ ︽ᠴᠤᠭᠯᠠᠭᠤᠯᠬᠤ᠂ ᠭᠠᠷᠭᠠᠨ ᠠᠪᠬᠤ᠂ ᠵᠢᠭᠡᠯᠡᠯᠭᠡ ᠥᠭᠬᠦ︾ ᠭᠤᠷᠪᠠᠨ ᠶᠡᠭᠡ ᠲᠤᠬᠠᠶᠢᠯᠠᠭᠰᠠᠨ ᠠᠵᠢᠯ ᠤᠨ ᠬᠠᠪᠲᠠᠭᠠᠢ ᠶᠢᠨ ︽ᠪᠦᠬᠦᠨ ᠢ ᠡᠭᠦᠯᠡᠨ ᠳᠡᠭᠡᠷ᠎ᠡ ᠪᠥᠭᠡᠮᠨᠡᠷᠡᠭᠦᠯᠬᠦ︾ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠢᠷᠡᠯᠲᠡ᠄  ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1