ᠮᠠᠨ ᠤ ᠬᠤᠲᠠ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠰᠡᠭ ᠡᠮᠴᠢᠯᠡᠭᠡᠨ ᠤ ᠦᠢᠯᠡᠴᠢᠯᠡᠭᠡ ᠶᠢᠨ ᠵᠦᠢᠯᠡᠰ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2023/6/21
     ︵ᠰᠤᠷᠪᠤᠯᠵᠢᠯᠠᠭᠴᠢ ᠯᠢᠶᠠᠩ ᠵᠢᠩ ᠱᠤ᠋︶ ᠬᠤᠲᠠ ᠶᠢᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 6 ᠳ᠋ᠤᠭᠠᠷ ᠰᠠᠷ᠎ᠠ ᠶᠢᠨ 20 ᠤ ᠡᠳᠦᠷ ᠠᠴᠠ ᠡᠬᠢᠯᠡᠨ᠂ ᠮᠠᠨ ᠤ ᠬᠤᠲᠠ ᠬᠢᠲᠠᠳ ᠡᠮᠨᠡᠯᠭᠡ ᠶᠢᠨ ᠲᠥᠷᠥᠯ ᠤᠨ ︵ᠲᠥᠭᠡᠨᠡᠬᠦ᠂ ᠰᠣᠷᠣᠭᠤᠯ ᠲᠠᠯᠪᠢᠬᠤ᠂ ᠢᠯᠢᠵᠦ ᠵᠠᠰᠠᠬᠤ︶ ᠡᠮ ᠡᠮᠨᠡᠯᠭᠡ ᠶᠢᠨ ᠦᠢᠯᠡᠴᠢᠯᠡᠭᠡᠨ ᠤ ᠲᠥᠷᠥᠯ ᠵᠦᠢᠯ ᠤᠨ ᠦᠨ᠎ᠡ ᠬᠠᠩᠰᠢ ᠳᠤ ᠲᠣᠬᠢᠷᠠᠭᠤᠯᠤᠯᠲᠠ ᠬᠢᠪᠡ᠃      ᠣᠶᠢᠯᠠᠭᠠᠭᠰᠠᠨ ᠢᠶᠠᠷ᠂ ᠲᠣᠰ ᠤᠳᠠᠭ᠎ᠠ ᠤᠤᠯ ᠤᠨ 2021 ᠣᠨ ᠤ ᠬᠡᠪᠯᠡᠯ ᠤᠨ 85 ᠵᠦᠢᠯ ᠤᠨ ᠡᠮᠴᠢᠯᠡᠭᠡᠨ ᠤ ᠦᠢᠯᠡᠴᠢᠯᠡᠭᠡᠨ ᠤ ᠵᠦᠢᠯᠡᠰ ᠢ ᠨᠡᠶᠢᠳᠬᠡᠨ 18 ᠵᠦᠢᠯ ᠪᠣᠯᠭᠠᠭᠰᠠᠨ ᠪᠥᠭᠡᠳ ᠡᠯ᠎ᠡ ᠲᠥᠷᠥᠯ ᠤᠨ ᠵᠦᠢᠯᠡᠰ ᠲᠤ ᠰᠢᠨ᠎ᠡ ᠪᠠᠷ ᠦᠨ᠎ᠡ ᠲᠣᠭᠲᠠᠭᠠᠵᠤ᠂ ᠲᠥᠭᠡᠨᠡᠯᠭᠡ ᠶᠢᠨ ᠵᠦᠢᠯᠡᠰ ᠤᠨ ᠰᠦᠢᠳᠬᠡᠯ ᠢ 30 ᠲᠥᠭᠦᠷᠢᠭ ᠠᠴᠠ 100 ᠲᠥᠭᠦᠷᠢᠭ ᠤᠨ ᠬᠤᠭᠤᠷᠣᠨᠳᠤ᠂ ᠰᠣᠷᠣᠭᠤᠯ ᠲᠠᠯᠪᠢᠬᠤ ᠲᠥᠷᠥᠯ ᠤᠨ ᠵᠦᠢᠯᠡᠰ ᠤᠨ ᠰᠦᠢᠳᠬᠡᠯ ᠢ 40 ᠲᠥᠭᠦᠷᠢᠭ ᠪᠣᠯᠭᠠᠨ ᠲᠣᠬᠢᠷᠠᠭᠤᠯᠵᠤ᠂ ᠢᠯᠢᠵᠦ ᠵᠠᠰᠠᠬᠤ ᠲᠥᠷᠥᠯ ᠤᠨ ᠵᠦᠢᠯᠡᠰ ᠤᠨ ᠰᠦᠢᠳᠬᠡᠯ ᠢ 35 ᠲᠥᠭᠦᠷᠢᠭ ᠠᠴᠠ 100 ᠲᠥᠭᠦᠷᠢᠭ ᠤᠨ ᠬᠤᠭᠤᠷᠣᠨᠳᠤ ᠪᠣᠯᠭᠠᠵᠠᠢ᠃      ᠲᠣᠰ ᠤᠳᠠᠭ᠎ᠠ ᠡᠮᠴᠢᠯᠡᠭᠡᠨ ᠤ ᠦᠢᠯᠡᠴᠢᠯᠡᠭᠡᠨ ᠤ ᠵᠦᠢᠯᠡᠰ ᠤᠨ ᠦᠨ᠎ᠡ ᠬᠠᠩᠰᠢ ᠶᠢ ᠨᠡᠶᠢᠳᠬᠡᠨ ᠲᠣᠬᠢᠷᠠᠭᠤᠯᠤᠭᠰᠠᠨ ᠤ ᠳᠠᠷᠠᠭ᠎ᠠ᠂ ᠡᠮᠴᠢᠯᠡᠭᠡᠨ ᠤ ᠪᠠᠶᠢᠭᠤᠯᠤᠮᠵᠢ ᠶᠢᠨ ᠰᠦᠢᠳᠬᠡᠯ ᠬᠤᠷᠢᠶᠠᠬᠤ ᠳᠤ ᠨᠠᠩ ᠲᠥᠬᠦᠮ ᠪᠣᠯᠤᠭᠰᠠᠨ ᠪᠥᠭᠡᠳ ᠡᠮᠴᠢᠯᠡᠭᠡᠨ ᠤ ᠪᠠᠶᠢᠭᠤᠯᠤᠮᠵᠢ ᠶᠢᠨ ᠣᠷᠣᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠡᠮᠴᠢᠯᠡᠭᠡᠨ ᠤ ᠠᠵᠢᠯᠲᠠᠨ ᠤ ᠬᠥᠳᠡᠯᠮᠦᠷᠢ ᠦᠢᠯᠡᠴᠢᠯᠡᠭᠡᠨ ᠤ ᠦᠨ᠎ᠡ ᠥᠷᠲᠡᠭ ᠢ ᠢᠯᠡᠷᠡᠭᠦᠯᠵᠦ᠂ ᠠᠷᠠᠳ ᠣᠯᠠᠨ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ᠂ ᠬᠢᠮᠳᠠ ᠪᠥᠭᠡᠳ ᠵᠦᠢ ᠵᠣᠬᠢᠰᠲᠠᠢ᠂ ᠳᠥᠭᠦᠮ ᠳᠥᠲᠡ ᠡᠮᠴᠢᠯᠡᠭᠡᠨ ᠤ ᠦᠢᠯᠡᠴᠢᠯᠡᠭᠡ ᠬᠠᠩᠭᠠᠬᠤ ᠳᠤ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1