ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠪᠠᠢ ᠰᠡᠴᠡᠨ︶ ᠥᠨᠥᠴᠢᠨ | ᠬᠡᠦᠬᠡᠳ ᠪᠠ ᠪᠣᠳᠠᠲᠠᠶ ᠠᠰᠠᠷᠠᠨ ᠲᠡᠵᠢᠭᠡᠭᠴᠢ ᠥᠬᠡᠶ ᠬᠡᠦᠬᠡᠳ ᠤᠨ ᠬᠤᠯᠪᠣᠭᠳᠠᠯ ᠪᠦᠬᠦᠢ ᠪᠠᠲᠤᠯᠠᠭ᠎ᠠ ᠶᠢᠨ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠭᠦᠢᠴᠡᠳ ᠬᠠᠮᠠᠭᠠᠯᠠᠬᠤ ᠶᠢᠨ ᠲᠦᠯᠦᠭᠡ᠂ | ᠬᠦᠬᠡᠬᠤᠳᠠ ᠡᠨᠡ ᠵᠢᠯ ᠤᠨ 1 ᠰᠠᠷ᠎ᠠ ᠶᠢᠨ 1 ᠤ ᠡᠳᠦᠷ ᠠᠴᠠ ᠡᠬᠢᠯᠡᠨ ᠪᠦᠬᠦ ᠬᠤᠲᠠ ᠶᠢᠨ ᠥᠨᠥᠴᠢᠨ ᠬᠡᠦᠬᠡᠳ ᠪᠠ | ᠠᠰᠠᠷᠠᠨ ᠲᠡᠵᠢᠭᠡᠭᠴᠢ ᠦᠭᠡᠢ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠨᠠᠭᠰᠢᠳᠠ | ᠳᠡᠭᠡᠭᠰᠢᠯᠡᠭᠦᠯᠦᠭᠰᠡᠨ ᠪᠠᠶᠢᠨ᠎ᠠ᠃ | ᠲᠥᠪᠯᠡᠷᠡᠭᠦᠯᠦᠨ ᠠᠰᠠᠷᠠᠨ ᠲᠡᠵᠢᠭᠡᠬᠦ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 2000 ᠲᠥᠭᠦᠷᠢᠭ ᠪᠠᠶᠢᠭᠰᠠᠨ ᠠᠴᠠ 2200 ᠲᠥᠭᠦᠷᠢᠭ ᠪᠣᠯᠭᠠᠨ | ᠳᠡᠭᠡᠭᠰᠢᠯᠡᠭᠦᠯᠵᠦ᠂ ᠲᠠᠷᠠᠬᠠᠶ ᠪᠤᠲᠠᠷᠬᠠᠶ ᠰᠠᠭᠤᠵᠤ ᠪᠠᠶᠢᠭ᠎ᠠ ᠥᠨᠥᠴᠢᠨ ᠬᠡᠦᠬᠡᠳ ᠤᠨ ᠦᠨᠳᠦᠰᠦᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠪᠠ ᠪᠣᠳᠠᠲᠠᠶ ᠠᠰᠠᠷᠠᠨ ᠲᠡᠵᠢᠭᠡᠭᠴᠢ ᠥᠬᠡᠶ ᠬᠡᠦᠬᠡᠳ ᠤᠨ ᠦᠨᠳᠦᠰᠦᠨ ᠠᠮᠢᠳᠤᠷᠠᠯ ᠤᠨ | ᠨᠥᠬᠦᠪᠥᠷᠢ ᠶᠢᠨ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 1700 ᠲᠥᠭᠦᠷᠢᠭ ᠪᠠᠶᠢᠭᠰᠠᠨ ᠢ ᠬᠥᠮᠦᠨ ᠪᠦᠷᠢ | ᠰᠠᠷ᠎ᠠ ᠳᠤ 1900 ᠲᠥᠭᠦᠷᠢᠭ ᠪᠣᠯᠭᠠᠨ ᠳᠡᠭᠡᠭᠰᠢᠯᠡᠭᠦᠯᠵᠤ᠂ ᠡᠪᠡᠳᠴᠢᠨ ᠵᠡᠮᠳᠡᠭ ᠠᠴᠠ ᠪᠣᠯᠵᠤ ᠶᠠᠳᠠᠭᠤᠷᠠᠭᠰᠠᠨ᠂ | ᠬᠦᠴᠢᠷᠳᠡᠯᠲᠡᠢ ᠭᠡᠷ ᠪᠦᠯᠢ᠂ ᠥᠨᠥᠴᠢᠨ ᠥᠷᠥᠭᠡᠰᠦᠨ ᠬᠦᠴᠢᠷᠳᠡᠯᠲᠡᠢ ᠭᠡᠷ ᠪᠦᠯᠢ ᠶᠢᠨ ᠬᠡᠦᠬᠡᠳ ᠤᠨ ᠦᠨᠳᠦᠰᠦᠨ | ᠠᠮᠢᠳᠤᠷᠠᠯ ᠤᠨ ᠪᠠᠲᠤᠯᠠᠭ᠎ᠠ ᠶᠢᠨ | ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 850 ᠲᠥᠭᠦᠷᠢᠭ ᠪᠠᠶᠢᠭᠰᠠᠨ ᠢ ᠬᠥᠮᠦᠨ ᠪᠦᠷᠢ ᠰᠠᠷ᠎ᠠ ᠳᠤ 950 | ᠲᠥᠭᠦᠷᠢᠭ ᠪᠣᠯᠭᠠᠨ ᠳᠡᠭᠡᠭᠰᠢᠯᠡᠭᠦᠯᠪᠠ᠃ | ᠣᠶᠢᠯᠠᠭᠠᠭᠰᠠᠨ ᠢᠶᠠᠷ᠂ ᠥᠨᠥᠴᠢᠨ ᠬᠡᠦᠬᠡᠳ ᠪᠠ ᠪᠣᠳᠠᠲᠠᠶ ᠠᠰᠠᠷᠠᠨ ᠲᠡᠵᠢᠭᠡᠭᠴᠢ ᠦᠭᠡᠢ ᠬᠡᠦᠬᠡᠳ ᠤᠨ | ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭ᠎ᠠ᠂ ᠪᠥᠬᠦ ᠬᠤᠲᠠ ᠳᠤ ᠨᠡᠶᠢᠲᠡ | 220 ᠥᠨᠥᠴᠢᠨ ᠬᠡᠦᠬᠡᠳ᠂ 325 ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ ᠪᠠ ᠡᠪᠡᠳᠴᠢᠨ | ᠵᠡᠮᠳᠡᠭ ᠠᠴᠠ ᠪᠣᠯᠵᠣ ᠶᠠᠳᠠᠭᠤᠷᠠᠭᠰᠠᠨ᠂ ᠬᠦᠴᠢᠷᠳᠡᠯᠲᠡᠢ ᠭᠡᠷ ᠪᠦᠯᠢ᠂ ᠥᠨᠥᠴᠢᠨ ᠥᠷᠥᠭᠡᠰᠦᠨ ᠬᠦᠴᠢᠷᠳᠡᠯᠲᠡᠢ ᠭᠡᠷ | ᠪᠦᠯᠢ ᠶᠢᠨ 109 ᠬᠡᠦᠬᠡᠳ ᠲᠤ ᠠᠰᠢᠭ ᠬᠦᠷᠲᠡᠭᠡᠵᠦ᠂ ᠭᠤᠣᠯᠳᠠᠯᠭ᠎ᠠ ᠲᠠᠢ ᠬᠠᠮᠠᠭᠠᠯᠠᠬᠤ ᠡᠲᠡᠭᠡᠳ ᠨᠢᠭᠡᠪᠦᠷᠢ ᠳᠤ | ᠠᠰᠢᠭ ᠬᠦᠷᠲᠡᠭᠡᠬᠦ ᠶᠢ ᠦᠨᠡᠨ ᠬᠦ ᠪᠠᠲᠤᠯᠠᠪᠠ᠃ | ᠢᠷᠡᠯᠲᠡ᠄ ᠦᠪᠦᠷ ᠮᠤᠩᠭᠤᠯ ᠤᠨ ᠡᠳᠦᠷ ᠤᠨ ᠰᠣᠨᠢᠨ |