ᠴᠢᠩ ᠱᠦᠢ ᠾᠧ ᠰᠢᠶᠠᠨ ︽6.26 ᠤ ᠣᠯᠠᠨ ᠤᠯᠤᠰ ᠤᠨ ᠬᠤᠣᠷ ᠴᠠᠭᠠᠵᠠᠯᠠᠬᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2023/6/27
     ᠡᠨᠡ ᠵᠢᠯ ᠤᠨ 6 ᠳ᠋ᠤᠭᠠᠷ ᠰᠠᠷ᠎ᠠ ᠶᠢᠨ 26 ᠤ ᠡᠳᠦᠷ ᠪᠣᠯ 36 ᠳ᠋ᠤᠭᠠᠷ ᠳᠡᠯᠡᠬᠡᠢ ᠶᠢᠨ ᠬᠤᠣᠷ ᠴᠠᠭᠠᠵᠠᠯᠠᠬᠤ ᠡᠳᠦᠷ ᠪᠣᠯᠣᠨ᠎ᠠ᠃ᠬᠤᠣᠷᠠᠲᠤ ᠡᠳ᠋ ᠢ ᠰᠡᠷᠭᠡᠶᠢᠯᠡᠬᠦ ᠬᠥᠮᠦᠵᠢᠯ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠣᠷᠠᠲᠤ ᠡᠳ᠋ ᠤᠨ ᠨᠡᠶᠢᠭᠡᠮ᠂ ᠭᠡᠷ ᠪᠦᠯᠢ᠂ ᠬᠤᠪᠢ ᠬᠥᠮᠥᠨ ᠳᠤ ᠤᠴᠠᠷᠠᠭᠤᠯᠬᠤ ᠬᠤᠣᠷ ᠬᠥᠨᠥᠭᠡᠯ ᠢ ᠭᠦᠢᠴᠡᠳ ᠤᠬᠠᠭᠤᠯᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠬᠤᠣᠷ ᠢ ᠲᠠᠨᠢᠬᠤ᠂ ᠬᠤᠣᠷ ᠢ ᠰᠡᠷᠭᠡᠶᠢᠯᠡᠬᠦ᠂ ᠬᠤᠣᠷ ᠢ ᠲᠡᠪᠴᠢᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠤᠰᠠᠳᠠ᠂ 6 ᠳ᠋ᠤᠭᠠᠷ ᠰᠠᠷ᠎ᠠ ᠶᠢᠨ 26  ᠤ ᠦᠳᠡ ᠶᠢᠨ ᠡᠮᠦᠨ᠎ᠡ᠂ ᠴᠢᠩ ᠱᠦᠢ ᠾᠧ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠣᠷ ᠢ ᠴᠠᠭᠠᠵᠠᠯᠠᠬᠤ ᠶᠡᠭᠡ ᠠᠩᠭᠢ ᠶᠢᠨ ᠬᠢᠨ ᠰᠢᠶᠠᠨ ᠤ ᠡᠮᠡᠭᠲᠡᠶᠢᠴᠦᠳ ᠤᠨ ᠬᠤᠯᠪᠣᠭ᠎ᠠ ᠲᠠᠢ ᠬᠤᠯᠪᠤᠭᠠᠯᠠᠨ ᠬᠤᠸᠠ ᠷᠦᠩ ᠰᠣᠶᠣᠯ ᠤᠨ ᠠᠭᠤᠳᠠᠮ ᠲᠠᠯᠠᠪᠠᠢ ᠳᠤ︽6.26  ᠤ ᠳᠡᠯᠡᠬᠡᠢ ᠶᠢᠨ ᠬᠤᠣᠷ ᠢ ᠴᠠᠭᠠᠵᠠᠯᠠᠬᠤ ᠡᠳᠦᠷ︾ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃
     ᠠᠵᠢᠯᠯᠠᠭ᠎ᠠ ᠶᠢᠨ ᠳᠤᠮᠳᠠ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠠᠰᠠᠭᠤᠨ ᠯᠠᠪᠯᠠᠬᠤ ᠲᠠᠪᠴᠠᠩ ᠭᠠᠷᠭᠠᠬᠤ᠂ ᠤᠬᠠᠭᠤᠯᠭ᠎ᠠ ᠶᠢᠨ ᠬᠠᠭᠤᠳᠠᠰᠤ ᠪᠣᠯᠣᠨ ᠵᠢᠵᠢᠭ ᠪᠡᠯᠡᠭ ᠲᠠᠷᠬᠠᠭᠠᠬᠤ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠣᠯᠠᠨ ᠲᠦᠮᠡᠨ ᠲᠠᠢ ᠨᠢᠭᠤᠷᠲᠠᠨ᠂ ᠥᠴᠥᠬᠡᠨ ᠴᠦ ᠵᠠᠢ ᠦᠭᠡᠢ ᠪᠠᠶᠢᠵᠤ᠂ ᠴᠡᠭᠡᠵᠢᠯᠡᠬᠦ ᠣᠶᠢᠯᠠᠭᠠᠬᠤ  ᠳᠤ ᠬᠢᠯᠪᠠᠷ ᠬᠡᠯᠪᠡᠷᠢ ᠪᠠᠷ ᠣᠯᠠᠨ ᠲᠦᠮᠡᠨ ᠳᠤ ᠬᠤᠣᠷᠲᠤ ᠡᠳ᠋ ᠤᠨ ᠲᠥᠷᠥᠯ ᠵᠦᠢᠯ᠂ ᠬᠤᠣᠷ ᠬᠥᠨᠥᠭᠡᠯ᠂ ᠢᠯᠭᠠᠨ ᠲᠠᠨᠢᠬᠤ ᠠᠷᠭ᠎ᠠ ᠵᠢᠴᠢ ᠬᠤᠯᠪᠣᠭᠳᠠᠯ ᠪᠦᠬᠦᠢ ᠬᠤᠣᠷ ᠴᠠᠭᠠᠵᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ ᠲᠠᠶᠢᠯᠪᠤᠷᠢᠯᠠᠵᠤ᠂ ᠥᠷᠭᠡᠨ ᠣᠯᠠᠨ ᠲᠦᠮᠡᠨ ᠳᠤ ᠡᠯ᠎ᠡ ᠲᠥᠷᠥᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠤᠣᠷ ᠴᠠᠭᠠᠵᠠᠯᠠᠬᠤ ᠮᠡᠳᠡᠯᠭᠡ ᠶᠢᠨ ᠣᠶᠢᠯᠠᠭᠠᠯᠲᠠ ᠪᠠᠨ ᠴᠢᠩᠭᠠᠳᠬᠠᠨ᠂ ᠲᠣᠰ ᠪᠡᠶ᠎ᠡ ᠶᠢᠨ ᠬᠤᠣᠷ ᠲᠠᠨᠢᠬᠤ᠂ ᠬᠤᠣᠷ ᠰᠡᠷᠭᠡᠶᠢᠯᠡᠬᠦ ᠶᠢ ᠬᠤᠷᠢᠭᠯᠠᠬᠤ ᠦᠵᠡᠯ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠵᠦ᠂ ᠬᠤᠣᠷ ᠲᠠᠲᠠᠬᠤ ᠦᠭᠡᠢ᠂ ᠬᠤᠣᠷ ᠦᠢᠯᠡᠳᠬᠦ ᠦᠭᠡᠢ᠂ ᠬᠤᠣᠷ ᠫᠠᠨᠽᠠᠯᠠᠬᠤ ᠦᠭᠡᠢ ᠪᠠᠶᠢᠬᠤ ᠶᠢ ᠰᠡᠷᠡᠮᠵᠢᠯᠡᠭᠦᠯᠪᠡ᠃      ᠲᠣᠰ ᠤᠳᠠᠭᠠᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠬᠤᠣᠷᠲᠤ ᠡᠳ᠋ ᠤᠨ ᠨᠡᠶᠢᠭᠡᠮ᠂ ᠭᠡᠷ ᠪᠦᠯᠢ ᠪᠠ ᠬᠤᠪᠢ ᠬᠥᠮᠥᠨ ᠳᠤ ᠤᠴᠠᠷᠠᠭᠤᠯᠤᠭᠰᠠᠨ ᠬᠤᠣᠷ ᠬᠥᠨᠥᠭᠡᠯ ᠢ ᠭᠦᠢᠴᠡᠳ ᠲᠠᠨᠢᠭᠤᠯᠵᠤ᠂ ᠬᠠᠷᠢᠶᠠᠲᠤ ᠣᠷᠣᠨ ᠤ ᠣᠯᠠᠨ ᠲᠦᠮᠡᠨ ᠤ ᠬᠤᠣᠷᠲᠤ ᠡᠳ᠋ ᠢ ᠲᠠᠨᠢᠬᠤ᠂ ᠬᠤᠣᠷᠲᠤ ᠡᠳ᠋ ᠢ ᠡᠰᠡᠷᠭᠦᠴᠡᠬᠦ᠂ ᠬᠤᠣᠷᠲᠤ ᠡᠳ᠋ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠳᠠᠶᠠᠭᠠᠷ ᠲᠤ ᠬᠤᠣᠷᠲᠤ ᠡᠳ᠋ ᠤᠨ ᠬᠠᠯᠳᠠᠯᠭ᠎ᠠ ᠶᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠬᠤ᠂ ᠬᠤᠣᠷᠲᠤ ᠡᠳ᠋ ᠢ ᠴᠠᠭᠠᠵᠠᠯᠠᠬᠤ ᠬᠠᠤᠯᠢ ᠪᠠᠷ ᠵᠠᠰᠠᠬᠤ ᠤᠬᠠᠭᠤᠯᠭ᠎ᠠ ᠳᠤ ᠢᠳᠡᠪᠬᠢᠲᠡᠢ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1