ᠴᠢᠩ ᠱᠦᠢ ᠾᠧ ᠰᠢᠶᠠᠨ ᠤ ᠪᠠᠷᠠᠭᠠᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢᠨ ᠪᠠᠶᠢᠳᠠᠯ᠂ ᠢᠷᠡᠭᠡᠳᠦᠢ ᠶᠢᠨ ᠳᠠᠯᠳᠠ ᠬᠦᠴᠦᠨ᠂ ᠣᠷᠣᠰᠢᠵᠤ ᠪᠠᠶᠢᠭ᠎ᠠ ᠠᠰᠠᠭᠤᠳᠠᠯ ᠤᠨ ᠲᠦᠭᠵᠢᠷᠡᠯ ᠵᠢᠴᠢ ᠠᠷᠭᠠᠴᠠᠬᠤ ᠰᠠᠨᠠᠭᠤᠯᠭ᠎ᠠ
ᠨᠡᠶᠢᠲᠡᠯᠡᠭᠰᠡᠨ ᠴᠠᠭ᠄
2023/6/28
     ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠣᠳᠣ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠴᠢᠩ ᠱᠦᠢ ᠾᠧ ᠰᠢᠶᠠᠨ ᠤ ᠬᠢᠨ ᠪᠠᠷᠠᠭᠠᠨ ᠤ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠬᠥᠭᠵᠢᠭᠦᠯᠬᠦ ᠪᠠᠷ ᠭᠠᠷᠳᠠᠴᠠ ᠪᠣᠯᠭᠠᠵᠤ᠂ ᠡᠯ᠎ᠡ ᠵᠦᠢᠯ ᠤᠨ ᠵᠠᠮ ᠲᠡᠭᠡᠭᠡᠪᠦᠷᠢ ᠶᠢᠨ ᠠᠷᠭ᠎ᠠ ᠬᠡᠯᠪᠡᠷᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠲᠡᠭᠡᠭᠡᠪᠦᠷᠢ ᠶᠢᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠦᠨ ᠲᠣᠬᠢᠷᠠᠭᠤᠯᠵᠤ᠂ ᠶᠡᠷᠦᠩᠬᠡᠶᠢᠯᠡᠭᠰᠡᠨ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠵᠤ᠂ ᠠᠮᠤᠷ ᠲᠦᠪᠰᠢᠨ᠂ ᠳᠥᠭᠦᠮ ᠳᠥᠲᠡ᠂ ᠥᠨᠳᠥᠷ ᠦᠷ᠎ᠡ ᠠᠰᠢᠭ ᠲᠠᠢ᠂ ᠪᠣᠬᠢᠷᠲᠤᠯ ᠦᠭᠡᠢ᠂ ᠬᠢᠮᠳᠠ ᠣᠳᠣᠬᠢᠴᠢᠯᠠᠭᠰᠠᠨ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠢᠰᠲ᠋ᠧᠮᠵᠢ ᠶᠢ ᠲᠦᠷᠭᠡᠨ ᠪᠠᠶᠢᠭᠤᠯᠬᠤ ᠪᠠᠷ ᠪᠠᠶᠢᠨ᠎ᠠ᠃      ᠨᠢᠭᠡ᠂ ᠴᠢᠩ ᠱᠦᠢ ᠾᠧ ᠰᠢᠶᠠᠨ ᠤ ᠪᠠᠷᠠᠭᠠᠨ ᠤ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢᠨ ᠦᠨᠳᠦᠰᠦᠨ ᠪᠠᠶᠢᠳᠠᠯ      ᠣᠶᠢᠷ᠎ᠠ ᠶᠢᠨ ᠵᠢᠯ ᠠᠴᠠ᠂ ᠴᠢᠩ ᠱᠦᠢ ᠾᠧ ᠰᠢᠶᠠᠨ ᠤ ᠬᠢᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠡᠭ ᠤᠨ ᠰᠢᠶᠠᠨ ᠤ ᠪᠦᠲᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ ᠪᠦᠬᠦ ᠣᠷᠣᠨ ᠳᠤ ᠦᠢᠯᠡᠴᠢᠯᠡᠬᠦ᠂ ᠣᠷᠣᠨ ᠤ ᠲᠥᠪ ᠠᠴᠠ ᠡᠮᠦᠨᠡᠰᠢ ᠪᠠᠨ ᠨᠡᠭᠡᠭᠡᠬᠦ ᠶᠡᠭᠡ ᠵᠠᠮ ᠳᠤ ᠰᠠᠭᠤᠷᠢᠯᠠᠵᠤ᠂ ᠬᠤᠩ ᠾᠧ ᠪᠣᠬᠢᠷᠲᠤᠯ ᠦᠭᠡᠢ ᠣᠶᠤᠨᠲᠤ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠬᠦᠢᠲᠡᠨ ᠬᠡᠯᠬᠢᠶᠡᠲᠦ ᠬᠥᠮᠥᠷᠭᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠣᠯᠣᠨ ᠱᠢ ᠴᠢ ᠭᠸᠦ ᠶᠢᠨ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂︽ᠡᠭᠦᠯᠡᠨ ᠪᠣᠳᠣᠯᠲᠠ ᠶᠢᠨ ᠬᠦᠨᠳᠦ ᠺᠠᠷᠲ︾ ᠤᠨ ᠰᠦᠯᠵᠢᠶᠡᠨ ᠤ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠲᠦᠷᠦᠯ ᠵᠦᠢᠯ ᠢ ᠲᠦᠷᠭᠡᠨ ᠪᠦᠲᠦᠭᠡᠨ ᠪᠠᠶᠢᠭᠤᠯᠵᠠᠢ᠃ᠡᠭᠦᠨ ᠤ ᠬᠠᠮᠲᠤ ᠬᠥᠬᠡᠬᠤᠲᠠ ᠠᠴᠠ ᠴᠢᠩ ᠱᠦᠢ ᠾᠧ ᠳᠤ ᠬᠦᠷᠬᠦ ᠲᠦᠷᠭᠡᠨ ᠳᠠᠪᠬᠢᠬᠤ ᠵᠠᠰᠠᠮᠠᠯ ᠵᠠᠮ᠂ ᠯᠣᠣ ᠨᠢᠦ ᠸᠠᠨ ᠤ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠯᠣᠣ ᠨᠢᠦ ᠸᠠᠨ ᠤ ᠭᠠᠷᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠳᠥᠷᠪᠡᠨ ᠵᠦᠭ ᠨᠠᠢᠮᠠᠨ ᠵᠣᠪᠬᠢᠰ ᠲᠤ ᠨᠡᠪᠲᠡᠷᠡᠬᠦ ᠵᠠᠮ ᠤᠨ ᠲᠣᠣᠷ ᠤᠨ ᠪᠣᠷᠣ ᠲᠥᠯᠥᠪ ᠢ ᠪᠠᠶᠢᠭᠤᠯᠵᠤ᠂ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ᠂ ᠪᠡᠭᠡᠵᠢᠩ ᠲᠢᠶᠠᠨᠵᠢᠨ ᠾᠧᠪᠧᠢ᠂ ᠱᠠᠨᠰᠢ ᠵᠢᠴᠢ ᠵᠦᠩᠶᠤᠸᠠᠨ ᠣᠷᠣᠨ ᠳᠤ ᠬᠠᠨᠳᠤᠭᠤᠯᠤᠭᠰᠠᠨ ᠭᠠᠳᠠᠭᠰᠢ ᠲᠡᠭᠡᠭᠡᠪᠦᠷᠢᠯᠡᠬᠦ ᠦᠢᠯᠡᠴᠢᠯᠡᠭᠡᠨ ᠤ ᠴᠢᠳᠠᠪᠤᠷᠢ ᠶᠢ ᠥᠷᠭᠡᠳᠬᠡᠨ᠂ ᠴᠢᠩ ᠱᠦᠢ ᠾᠧ ᠰᠢᠶᠠᠨ ᠢ ᠬᠥᠬᠡᠬᠤᠲᠠ ᠪᠤᠭᠤᠲᠤ ᠣᠷᠳᠣᠰ ᠲᠡᠮᠡᠭᠡᠲᠦ ᠶᠢᠨ ᠬᠤᠲᠠ ᠶᠢᠨ ᠪᠥᠭᠡᠮᠨᠡᠷᠡᠯ᠂ ᠬᠠᠲᠤᠨ ᠭᠤᠣᠯ ᠤᠨ ︽几︾ ᠥᠰᠥᠭ ᠤᠨ ᠮᠤᠷᠤᠶᠢᠯᠲᠠ ᠵᠢᠴᠢ ᠣᠷᠣᠨ ᠤ ᠲᠥᠪ ᠠᠴᠠ ᠤᠮᠠᠷᠠᠰᠢ ᠡᠮᠦᠨᠡᠰᠢ ᠨᠡᠭᠡᠭᠡᠯᠲᠡ ᠬᠢᠬᠦ ᠴᠢᠬᠤᠯᠠ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠰᠢᠶᠠᠨ ᠪᠣᠯᠭᠠᠨ ᠪᠦᠲᠦᠭᠡᠨ ᠪᠠᠶᠢᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠪᠠ᠃ᠪᠦᠬᠦ ᠰᠢᠶᠠᠨ ᠵᠢᠱᠢᠯᠲᠡ ᠪᠠᠷ 2023 ᠣᠨ ᠤ ᠪᠠᠷᠠᠭᠠᠨ ᠤ ᠭᠦᠢᠯᠭᠡᠭᠡᠨ ᠤ ᠣᠷᠣᠭᠤᠯᠵᠤ ᠭᠠᠷᠭᠠᠬᠤ ᠬᠡᠮᠵᠢᠶ᠎ᠡ 2000 ᠲᠦᠮᠡᠨ ᠲᠣᠨ ᠳᠤ ᠬᠦᠷᠴᠦ᠂ ᠪᠣᠷᠤᠯᠠᠭᠤᠯᠭ᠎ᠠ ᠶᠢᠨ ᠬᠡᠮᠵᠢᠶ᠎ᠡ 72 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ︔ 2025 ᠣᠨ ᠳᠤ ᠪᠠᠷᠠᠭᠠᠨ ᠤ ᠭᠦᠢᠯᠭᠡᠭᠡᠨ ᠤ ᠣᠷᠣᠭᠤᠯᠵᠤ ᠭᠠᠷᠭᠠᠬᠤ ᠬᠡᠮᠵᠢᠶ᠎ᠡ 5000 ᠲᠦᠮᠡᠨ ᠲᠣᠨ ᠳᠤ ᠬᠦᠷᠴᠦ᠂ ᠪᠣᠷᠣᠯᠠᠭᠤᠯᠤᠯᠲᠠ ᠶᠢᠨ ᠬᠡᠮᠵᠢᠶ᠎ᠡ 190 ᠳ᠋ᠦᠩᠰᠢᠭᠤᠷ ᠲᠥᠭᠦᠷᠢᠭ ᠲᠤ ᠬᠦᠷᠬᠦ ᠪᠣᠯᠣᠨ᠎ᠠ᠃      ᠡᠭᠦᠨ ᠳᠤ᠂ ᠬᠤᠩ ᠾᠧ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠤᠰᠬᠠᠢ ᠬᠡᠷᠡᠭᠯᠡᠭᠡᠨ ᠤ ᠲᠡᠮᠦᠷ ᠵᠠᠮ ᠢ ᠳ᠋ᠠᠲ᠋ᠦ᠋ᠩ ᠠᠴᠠ ᠵᠦᠩᠭᠠᠷ ᠬᠦᠷᠬᠦ ᠲᠡᠮᠦᠷ ᠵᠠᠮ ᠲᠠᠢ ᠵᠣᠯᠭᠠᠭᠤᠯᠵᠤ᠂ ᠳ᠋ᠠᠲ᠋ᠦ᠋ᠩ ᠠᠴᠠ ᠵᠦᠩᠭᠠᠷ ᠬᠦᠷᠬᠦ ᠲᠡᠮᠦᠷ ᠵᠠᠮ ᠤᠨ ᠱᠤᠭᠤᠮ ᠨᠢ ᠪᠠᠷᠠᠭᠤᠨᠰᠢ ᠪᠠᠨ ᠵᠦᠩᠭᠠᠷ ᠠᠴᠠ ᠳ᠋ᠦᠩᠱᠧᠩ ᠬᠦᠷᠬᠦ᠂ ᠬᠥᠬᠡᠬᠤᠲᠠ ᠠᠴᠠ ᠵᠦᠩᠭᠠᠷ ᠬᠦᠷᠬᠦ᠂ ᠪᠤᠭᠤᠲᠤ ᠠᠴᠠ ᠱᠧᠨ ᠮᠦ ᠬᠦᠷᠬᠦ ᠱᠤᠭᠤᠮ᠂ ᠪᠡᠭᠡᠵᠢᠩ ᠠᠴᠠ ᠪᠤᠭᠤᠲᠤ ᠬᠦᠷᠬᠦ ᠱᠤᠭᠤᠮ ᠲᠠᠢ ᠵᠠᠯᠭᠠᠯᠳᠤᠵᠤ᠂ ᠵᠡᠭᠦᠨᠰᠢ ᠪᠠᠨ ᠳ᠋ᠠᠯᠢᠶᠠᠨ ᠠᠴᠠ ᠴᠢᠩ ᠬᠤᠸᠠᠩ ᠳ᠋ᠣᠣ ᠬᠦᠷᠬᠦ ᠱᠤᠭᠤᠮ᠂ ᠵᠦᠩᠭᠠᠷ ᠠᠴᠠ ᠱᠧᠨ ᡂᠢ ᠬᠦᠷᠬᠦ ᠱᠤᠭᠤᠮ᠂ ᠬᠤᠶᠢᠰᠢ ᠳ᠋ᠠᠲ᠋ᠦ᠋ᠩ ᠠᠴᠠ ᠫᠦᠦ ᠵᠸᠦ ᠬᠦᠷᠬᠦ ᠱᠤᠭᠤᠮ᠂ ᠱᠦᠸᠧᠵᠸᠦ ᠠᠴᠠ ᠬᠤᠸᠠᠩ ᠬᠤᠸᠠ ᠬᠦᠷᠬᠦ ᠱᠤᠭᠤᠮ ᠲᠠᠢ ᠵᠠᠯᠭᠠᠯᠳᠤᠨ᠎ᠠ᠃ ᠡᠷᠬᠢᠨ ᠲᠣᠭᠤᠷᠢᠨ ᠤ ᠴᠢᠨᠠᠷ ᠰᠠᠶᠢᠲᠠᠢ ᠨᠡᠭᠦᠷᠡᠰᠦ᠂ ᠴᠣᠬᠤᠢ ᠶᠢᠨ ᠴᠢᠯᠠᠭᠤᠯᠢᠭ᠂ ᠪᠠᠢ ᠶᠦᠨ ᠶᠠᠨ᠂ ᠭᠤᠸ ᠯᠢᠩ ᠰᠢᠷᠣᠢ᠂ ᠨᠤᠨᠳᠠᠭ ᠨᠡᠭᠦᠷᠡᠰᠦᠨ ᠤ ᠦᠨᠡᠰᠦ ᠵᠢᠴᠢ ᠣᠷᠣᠨ ᠨᠤᠲᠤᠭ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠢ ᠪᠥᠬᠦ ᠤᠯᠤᠰ ᠤᠨ ᠡᠯ᠎ᠡ ᠭᠠᠵᠠᠷ ᠲᠤ ᠲᠡᠭᠡᠭᠡᠪᠦᠷᠢᠯᠡᠨ ᠬᠦᠷᠭᠡᠵᠦ ᠪᠣᠯᠬᠤ ᠪᠥᠭᠡᠳ ᠪᠠᠰᠠ ᠤᠯᠤᠰ ᠤᠨ ᠳᠣᠲᠣᠭᠠᠳᠤ ᠭᠠᠳᠠᠭᠠᠳᠤ ᠶᠢᠨ ᠬᠥᠩᠭᠡᠨ ᠴᠠᠭᠠᠨ ᠪᠠᠶᠢᠪᠠᠩ ᠰᠢᠷᠣᠢ᠂ ᠬᠡᠦᠷᠡᠰᠦᠨ ᠨᠡᠭᠦᠷᠡᠰᠦ ᠵᠡᠷᠭᠡ ᠪᠦᠲᠦᠭᠡᠭᠳᠡᠬᠦᠨ ᠢ ᠡᠷᠬᠢᠨ ᠲᠣᠭᠤᠷᠢᠨ ᠤ ᠭᠠᠵᠠᠷ ᠣᠷᠣᠨ ᠳᠤ ᠲᠡᠭᠡᠭᠡᠪᠦᠷᠢᠯᠡᠨ ᠠᠪᠠᠴᠢᠵᠤ᠂ ᠶᠡᠭᠡ ᠬᠡᠮᠵᠢᠶᠡᠨ ᠤ ᠡᠳ᠋ ᠪᠠᠷᠠᠭ᠎ᠠ ᠶᠢ ᠳᠥᠭᠦᠮ ᠳᠥᠲᠡ᠂ ᠲᠦᠷᠭᠡᠨ ᠲᠡᠭᠡᠭᠡᠪᠦᠷᠢᠯᠡᠬᠦ ᠶᠢ ᠪᠡᠶᠡᠯᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠬᠠᠷᠢᠯᠴᠠᠨ ᠨᠥᠬᠦᠪᠦᠷᠢᠯᠡᠬᠦ ᠴᠢᠨᠠᠷ ᠪᠠ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠪᠣᠯᠣᠨ᠎ᠠ᠃ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠵᠢᠷᠤᠵᠤ ᠲᠥᠯᠥᠪᠯᠡᠭᠰᠡᠨ ᠵᠢᠯ ᠤᠨ ᠬᠠᠳᠠᠭᠠᠯᠠᠵᠤ ᠵᠥᠭᠡᠭᠡᠪᠦᠷᠢᠯᠡᠬᠦ ᠬᠡᠮᠵᠢᠶ᠎ᠡ 1500 ᠲᠦᠮᠡᠨ ᠲᠣᠨ ᠳᠤ ᠬᠦᠷᠴᠦ᠂ ᠵᠢᠱᠢᠯᠲᠡ ᠪᠠᠷ ᠵᠢᠯ ᠤᠨ ᠦᠢᠯᠡᠳᠬᠦᠨ ᠤ ᠦᠷᠳᠡᠭ 50 ᠳ᠋ᠦᠩᠰᠢᠭᠤᠷ ᠲᠥᠭᠦᠷᠢᠭ ᠲᠤ ᠬᠦᠷᠴᠦ᠂ 2 ᠳ᠋ᠦᠩᠰᠢᠭᠤᠷ ᠲᠥᠭᠦᠷᠢᠭ ᠤᠨ ᠠᠰᠢᠭ ᠭᠠᠶᠢᠯᠢ ᠶᠢ ᠡᠭᠦᠳᠴᠦ᠂ ᠠᠯᠬᠤᠮ ᠠᠯᠬᠤᠮ ᠢᠶᠠᠷ ᠬᠥᠬᠡᠬᠤᠲᠠ ᠶᠢᠨ ᠡᠮᠦᠨᠡᠲᠦ ᠬᠡᠰᠡᠭ ᠤᠨ ᠴᠢᠬᠤᠯᠠ ᠪᠠᠷᠠᠭᠠᠨ ᠤ ᠭᠦᠢᠯᠭᠡᠭᠡᠨ ᠤ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠣᠨ ᠲᠡᠮᠦᠷ ᠵᠠᠮ ᠤᠨ ᠲᠡᠭᠡᠭᠡᠪᠦᠷᠢ ᠶᠢᠨ ᠲᠠᠪᠴᠠᠩ ᠪᠣᠯᠵᠤ ᠪᠤᠢ᠃      ᠬᠤᠶᠠᠷ᠂ ᠣᠷᠣᠰᠢᠵᠤ ᠪᠠᠶᠢᠭ᠎ᠠ ᠠᠰᠠᠭᠤᠳᠠᠯ ᠤᠨ ᠲᠦᠭᠵᠢᠷᠡᠯ ᠤᠨ ᠴᠡᠭ      ᠨᠢᠭᠡ ᠳᠤ ᠰᠠᠭᠤᠷᠢ ᠲᠥᠬᠦᠭᠡᠷᠦᠮᠵᠢ ᠶᠢᠨ ᠵᠣᠯᠭᠠᠯᠳᠤᠯ ᠢᠯᠭᠤᠮ ᠪᠢᠰᠢ ᠪᠠᠶᠢᠨ᠎ᠠ᠃ᠲᠡᠮᠦᠷ ᠵᠠᠮ ᠤᠨ ᠪᠠᠷᠠᠭᠠᠨ ᠤ ᠲᠠᠯᠠᠪᠠᠶ᠂ ᠵᠠᠰᠠᠮᠠᠯ ᠵᠠᠮ ᠤᠨ ᠲᠥᠪᠯᠡᠷᠡᠭᠦᠯᠦᠨ ᠲᠠᠷᠬᠠᠭᠠᠬᠤ ᠲᠥᠪ᠂ ᠭᠠᠷᠠᠮ ᠵᠡᠷᠭᠡ ᠪᠠᠷᠠᠭᠠᠨ ᠤ ᠲᠡᠭᠡᠭᠡᠪᠦᠷᠢ ᠶᠢᠨ ᠬᠦᠢᠰᠦ ᠪᠣᠯ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠰᠠᠭᠤᠷᠢ ᠲᠥᠬᠦᠭᠡᠷᠦᠮᠵᠢ ᠪᠣᠯᠣᠨ᠎ᠠ᠃ ᠭᠡᠪᠡᠴᠦ ᠡᠯ᠎ᠡ ᠪᠠᠷᠠᠭᠠᠨ ᠤ ᠲᠡᠭᠡᠭᠡᠪᠦᠷᠢ ᠶᠢᠨ ᠵᠠᠩᠭᠢᠯᠠᠭ᠎ᠠ ᠶᠢᠨ ᠪᠠᠶᠢᠷᠢᠰᠢᠭᠤᠯᠤᠯᠲᠠ ᠶᠢᠨ ᠴᠢᠳᠠᠮᠵᠢ ᠪᠣᠯᠣᠨ ᠲᠥᠯᠦᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠨᠢ ᠭᠦᠢᠴᠡᠳ ᠦᠭᠡᠢ ᠮᠥᠷᠲᠡᠭᠡᠨ ᠨᠢᠭᠡᠳᠦᠯᠲᠡᠢ ᠲᠥᠯᠥᠪᠯᠡᠨ ᠬᠡᠷᠡᠭᠯᠡᠬᠦ ᠨᠢ ᠢᠯᠭᠤᠮ ᠤᠷᠤᠭᠰᠢᠲᠠᠢ ᠪᠢᠰᠢ᠂ ᠵᠠᠰᠠᠮᠠᠯ ᠵᠠᠮ᠂ ᠲᠡᠮᠦᠷ ᠵᠠᠮ᠂ ᠤᠰᠤᠨ ᠲᠡᠭᠡᠭᠡᠪᠦᠷᠢ ᠵᠡᠷᠭᠡ ᠤᠯᠠᠨ ᠵᠦᠢᠯ ᠤᠨ ᠲᠡᠭᠡᠭᠡᠪᠦᠷᠢ ᠶᠢᠨ ᠠᠷᠭ᠎ᠠ ᠮᠠᠶ᠋ᠢᠭ ᠢ ᠵᠠᠪᠰᠠᠷ ᠦᠭᠡᠢ ᠵᠠᠯᠭᠠᠯᠳᠤᠭᠤᠯᠬᠤ ᠶᠢ ᠪᠡᠶᠡᠯᠡᠭᠦᠯᠬᠦ ᠳᠤ ᠪᠡᠷᠬᠡᠲᠡᠢ ᠪᠠᠶᠢᠵᠤ᠂ ᠪᠠᠷᠠᠭ᠎ᠠ ᠶᠢ ᠭᠠᠷᠠᠮ᠂ ᠲᠡᠮᠦᠷ ᠵᠠᠮ ᠤᠨ ᠲᠠᠯᠠᠪᠤᠷ ᠦᠷᠳᠡᠭᠡ᠂ ᠪᠠᠷᠠᠭᠠᠨ ᠤ ᠲᠡᠭᠡᠭᠡᠪᠦᠷᠢ ᠶᠢᠨ ᠦᠷᠳᠡᠭᠡ᠂ ᠨᠢᠰᠬᠡᠯ ᠤᠨ ᠪᠠᠭᠤᠳᠠᠯ ᠵᠡᠷᠭᠡ ᠲᠥᠬᠦᠭᠡᠷᠦᠮᠵᠢ ᠶᠢᠨ ᠬᠤᠭᠤᠷᠣᠨᠳᠤ ᠣᠯᠠᠨᠲᠠ ᠳᠠᠮᠵᠢᠭᠤᠯᠤᠨ ᠲᠡᠭᠡᠭᠡᠪᠦᠷᠢᠯᠡᠬᠦ ᠴᠢᠬᠤᠯᠠᠲᠠᠢ ᠪᠠᠶᠢᠵᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠦᠬᠦᠯᠢ ᠴᠣᠭᠴᠠ ᠶᠢᠨ ᠠᠵᠢᠯᠯᠠᠭᠠᠨ ᠤ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠪᠠᠭᠤᠷᠠᠭᠤᠯᠵᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠬᠥᠭᠵᠢᠯᠲᠡ ᠶᠢ ᠬᠦᠨᠳᠦ ᠨᠣᠴᠢᠲᠠᠢ ᠬᠠᠷᠰᠢᠯᠠᠵᠤ ᠪᠠᠶᠢᠨ᠎ᠠ᠃      ᠬᠤᠶᠠᠷ ᠲᠤ ᠬᠠᠤᠯᠢ ᠲᠣᠭᠲᠠᠭᠠᠯ ᠤᠨ ᠪᠠᠷᠢᠮᠵᠢᠶ᠎ᠠ ᠨᠢ ᠨᠢᠭᠡᠳᠦᠯ ᠦᠭᠡᠢ ᠪᠠᠶᠢᠨ᠎ᠠ᠃ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠠᠵᠢᠯ ᠤᠨ ᠭᠦᠨᠵᠡᠭᠡᠶᠢᠷᠡᠨ ᠠᠬᠢᠬᠤ ᠶᠢ ᠳᠠᠭᠠᠯᠳᠤᠨ᠂ ᠠᠳᠠᠯᠢ ᠪᠤᠰᠤ ᠲᠡᠭᠡᠭᠡᠪᠦᠷᠢ ᠶᠢᠨ ᠠᠷᠭ᠎ᠠ ᠮᠠᠶ᠋ᠢᠭ ᠤᠨ ᠠᠵᠢᠯᠯᠠᠬᠤ ᠶᠠᠪᠤᠴᠠ ᠳᠤ ᠬᠤᠯᠪᠣᠭᠳᠠᠬᠤ ᠠᠵᠢᠯ ᠤᠨ ᠴᠤᠪᠤᠷᠠᠯ᠂ ᠠᠪᠳᠠᠷ᠎ᠠ ᠶᠢᠨ ᠬᠡᠯᠪᠡᠷᠢ ᠶᠢᠨ ᠪᠠᠷᠢᠮᠵᠢᠶ᠎ᠠ᠂ ᠮᠡᠷᠭᠡᠵᠢᠯ ᠤᠨ ᠲᠣᠨᠣᠭᠯᠠᠯ ᠤᠨ ᠪᠠᠷᠢᠮᠵᠢᠶ᠎ᠠ᠂ ᠪᠠᠷᠠᠭᠠᠨ ᠤ ᠲᠥᠷᠥᠯ ᠬᠤᠪᠢᠶᠠᠬᠤ ᠪᠠᠷᠢᠮᠵᠢᠶ᠎ᠠ᠂ ᠦᠨ᠎ᠡ ᠪᠤᠳᠤᠬᠤ ᠪᠠᠷᠢᠮᠵᠢᠶ᠎ᠠ᠂ ᠡᠯᠧᠺᠲᠷᠣᠨ ᠬᠠᠭᠤᠳᠠᠰᠤ ᠪᠠᠷᠢᠮᠲᠠ ᠶᠢᠨ ᠪᠠᠷᠢᠮᠵᠢᠶ᠎ᠠ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠬᠠᠷᠠᠬᠠᠨ ᠨᠢᠭᠡᠳᠬᠡᠭᠡᠳᠦᠢ ᠪᠠᠶᠢᠭᠰᠠᠭᠠᠷ᠃      ᠭᠤᠷᠪᠠ᠂ ᠠᠷᠭᠠᠴᠠᠬᠤ ᠰᠠᠨᠠᠭᠤᠯᠭ᠎ᠠ      ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠪᠠᠷᠢᠮᠵᠢᠶᠠᠲᠤ ᠠᠵᠢᠯ ᠢ ᠲᠦᠯᠬᠢᠨ ᠠᠬᠢᠭᠤᠯᠵᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠳᠠᠮᠵᠢᠭᠤᠯᠬᠤ ᠵᠠᠩᠭᠢᠯᠠᠭ᠎ᠠ ᠶᠢᠨ ᠬᠠᠷᠰᠢ ᠰᠠᠭᠠᠳ ᠢ ᠠᠷᠢᠯᠭᠠᠨ᠎ᠠ᠃ᠵᠠᠮ ᠬᠠᠷᠢᠯᠴᠠᠭᠠᠨ ᠤ ᠰᠠᠯᠠᠭ᠎ᠠ ᠮᠥᠴᠢᠷ ᠲᠤ ᠰᠠᠨᠠᠭᠤᠯᠬᠤ ᠨᠢ᠂ ᠨᠢᠭᠡ ᠳᠤ ᠪᠠᠷᠠᠭᠠᠨ ᠤ ᠲᠡᠭᠡᠭᠡᠪᠦᠷᠢ ᠶᠢᠨ ᠲᠡᠷᠭᠡᠨ ᠤ ᠬᠡᠯᠪᠡᠷᠢ ᠶᠢ ᠪᠠᠷᠢᠮᠵᠢᠶᠠᠵᠢᠭᠤᠯᠬᠤ ᠠᠵᠢᠯ ᠢ ᠲᠦᠯᠬᠢᠨ ᠠᠬᠢᠭᠤᠯᠵᠤ᠂ ᠬᠡᠷᠡᠭᠯᠡᠵᠦ ᠪᠠᠶᠢᠭ᠎ᠠ ᠪᠠᠷᠢᠮᠵᠢᠶ᠎ᠠ ᠪᠤᠰᠤ ᠲᠡᠷᠭᠡᠨ ᠤ ᠬᠡᠯᠪᠡᠷᠢ ᠶᠢᠨ ᠲᠡᠷᠭᠡ ᠶᠢ ᠲᠦᠷᠭᠡᠪᠴᠢᠯᠡᠨ ᠭᠡᠭᠡᠭᠳᠡᠭᠦᠯᠵᠦ᠂ ᠲᠡᠭᠡᠭᠡᠪᠦᠷᠢ ᠶᠢᠨ ᠠᠵᠤ ᠠᠬᠤᠶᠢᠯᠠᠯ ᠤᠨ ᠪᠠᠷᠢᠮᠵᠢᠶᠠᠲᠤ ᠲᠡᠷᠭᠡᠨ ᠤ ᠬᠡᠯᠪᠡᠷᠢ ᠶᠢ ᠬᠤᠳᠠᠯᠳᠤᠨ ᠠᠪᠬᠤ ᠶᠢ ᠬᠥᠲᠥᠯᠥᠨ ᠵᠢᠯᠤᠭᠤᠳᠴᠤ ᠪᠠᠶᠢᠭᠠᠳ ᠪᠠᠷᠢᠮᠵᠢᠶᠠᠲᠤ ᠴᠢᠩᠭᠡᠯᠢᠭ ᠤᠨ ᠢᠵᠢ ᠪᠦᠷᠢᠳᠦᠭᠦᠯᠬᠦ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ᠬᠤᠶᠠᠷ ᠲᠤ ᠴᠢᠩᠭᠡᠯᠢᠭ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠲᠠᠯ᠎ᠠ ᠪᠠᠷ᠂ ᠠᠵᠤ ᠠᠬᠤᠶᠢᠯᠠᠯ ᠤᠨ ᠰᠣᠯᠢᠯᠴᠠᠵᠤ ᠪᠣᠯᠬᠤ ᠬᠠᠶᠢᠷᠴᠠᠭ ᠤᠨ ᠴᠣᠭᠴᠠ᠂ ᠵᠠᠰᠠᠮᠠᠯ ᠵᠠᠮ ᠲᠡᠮᠦᠷ ᠵᠠᠮ ᠤᠨ ᠬᠤᠶᠠᠷ ᠬᠡᠷᠡᠭᠴᠡᠭᠡᠲᠦ ᠴᠢᠷᠦᠭᠦᠯ ᠲᠡᠷᠭᠡ ᠵᠡᠷᠭᠡ ᠰᠢᠨ᠎ᠡ ᠬᠡᠯᠪᠡᠷᠢ ᠶᠢᠨ ᠪᠠᠷᠢᠮᠵᠢᠶᠠᠵᠢᠭᠤᠯᠤᠭᠰᠠᠨ ᠲᠡᠭᠡᠭᠡᠪᠦᠷᠢ ᠶᠢᠨ ᠨᠢᠭᠡᠴᠡ ᠶᠢ ᠰᠤᠳᠤᠯᠤᠨ ᠨᠡᠭᠡᠭᠡᠵᠦ᠂ ᠬᠠᠮᠢᠶ᠎ᠠ ᠪᠦᠬᠦᠢ ᠮᠡᠷᠭᠡᠵᠢᠯ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠲᠣᠭᠲᠠᠭᠠᠬᠤ ᠶᠢ ᠵᠣᠷᠢᠭᠵᠢᠭᠤᠯᠤᠨ᠎ᠠ᠃ᠭᠤᠷᠪᠠ ᠳᠤ᠂ ᠤᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠠᠵᠢᠯᠯᠠᠭᠠᠨ ᠤ ᠶᠠᠪᠤᠴᠠ ᠶᠢ ᠪᠠᠷᠢᠮᠵᠢᠶᠠᠵᠢᠭᠤᠯᠬᠤ ᠶᠢ ᠠᠬᠢᠭᠤᠯᠵᠤ᠂ ︽ᠨᠢᠭᠡ ᠲᠠᠩᠰᠠ ᠶᠢᠨ ᠳᠦᠷᠢᠮ︾  ᠢ ᠰᠦᠪᠡᠭᠴᠢᠯᠡᠨ ᠬᠥᠭᠵᠢᠭᠦᠯᠦᠨ᠎ᠡ᠃ᠠᠵᠤ ᠠᠬᠤᠶᠢᠯᠠᠯ ᠤᠨ ᠡᠯᠧᠺᠲᠷᠣᠨ ᠲᠡᠭᠡᠭᠡᠪᠦᠷᠢ ᠶᠢᠨ ᠬᠠᠭᠤᠳᠠᠰᠤ᠂ ᠰᠦᠯᠵᠢᠶᠡᠨ ᠳᠡᠭᠡᠷ᠎ᠡ ᠳ᠋ᠦᠩᠨᠡᠨ ᠪᠤᠳᠤᠬᠤ ᠵᠡᠷᠭᠡ ᠢᠨᠲ᠋ᠧᠷ ᠰᠦᠯᠵᠢᠶᠡᠨ ᠤ ᠦᠢᠯᠡᠴᠢᠯᠡᠭᠡᠨ ᠤ ᠰᠢᠨ᠎ᠡ ᠵᠠᠭᠪᠤᠷ ᠢ ᠬᠡᠷᠡᠭᠯᠡᠬᠦ ᠶᠢ ᠳᠡᠮᠵᠢᠬᠦ ᠶᠢᠨ ᠬᠠᠮᠲᠤ᠂ ᠣᠯᠠᠨ ᠬᠡᠯᠪᠡᠷᠢ ᠶᠢᠨ ᠬᠤᠯᠪᠤᠭᠠᠯᠠᠨ ᠲᠡᠭᠡᠭᠡᠪᠦᠷᠢᠯᠡᠬᠦ ᠪᠥᠬᠦ ᠶᠠᠪᠤᠴᠠ ᠶᠢᠨ ᠪᠠᠷᠠᠭᠠᠨ ᠤ ᠳᠠᠭᠠᠳᠬᠠᠯ ᠤᠨ ᠪᠠᠷᠢᠮᠵᠢᠶ᠎ᠠ ᠶᠢᠨ ᠵᠦᠢᠯ ᠵᠤᠷᠪᠤᠰ ᠢ ᠰᠤᠳᠤᠯᠬᠤ ᠬᠡᠷᠡᠭᠲᠡᠢ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11002890号-1