ᠣᠶᠢᠷ᠎ᠠ ᠶᠢᠨ ᠵᠢᠯ ᠳᠤ᠂ ᠴᠢᠩ ᠱᠦᠢ ᠾᠧ ᠰᠢᠶᠠᠨ ᠤ ᠬᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ︽ᠲᠠᠪᠤᠨ ᠶᠡᠭᠡ ᠡᠭᠦᠷᠭᠡ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠲᠤᠨ | ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠤᠯᠤᠰ ᠤᠨ | ᠪᠠᠶᠢᠯᠳᠤᠬᠤ ᠪᠣᠳᠣᠯᠭ᠎ᠠ ᠳᠤ ᠥᠪᠡᠷᠲᠡᠭᠡᠨ ᠵᠠᠰᠠᠬᠤ ᠣᠷᠣᠨ ᠤ ︽ᠣᠷᠣᠨ ᠤ ᠲᠥᠪ ᠢ ᠬᠦᠴᠦᠷᠬᠡᠭᠵᠢᠭᠦᠯᠬᠦ︾ | ᠢᠨᠵᠧᠨᠧᠷᠢᠩ ᠤᠨ ᠬᠦᠴᠦᠲᠡᠢ ᠠᠵᠠ ᠲᠣᠬᠢᠶᠠᠯ ᠢ ᠴᠢᠩᠭ᠎ᠠ ᠠᠳᠬᠤᠵᠤ᠂ ᠬᠤᠲᠠ ᠶᠢᠨ ᠨᠠᠮ ᠤᠨ ᠬᠤᠷᠢᠶᠠᠨ ᠤ | ᠠᠵᠢᠯ ᠤᠨ ︽ᠠᠮᠢ ᠠᠬᠤᠢ ᠪᠠᠷ ᠰᠢᠶᠠᠨ ᠢ ᠪᠠᠶᠢᠭᠤᠯᠬᠤ᠂ ᠠᠮᠢ ᠠᠬᠤᠢ ᠪᠠᠷ ᠰᠢᠶᠠᠨ ᠢ ᠰᠢᠯᠢᠳᠡᠭᠵᠢᠭᠦᠯᠬᠦ᠂ ᠠᠮᠢ | ᠠᠬᠤᠢ ᠪᠠᠷ ᠰᠢᠶᠠᠨ ᠢ ᠬᠥᠭᠵᠢᠭᠦᠯᠬᠦ᠂ ᠠᠮᠢ ᠠᠬᠤᠢ ᠪᠠᠷ ᠰᠢᠶᠠᠨ ᠢ ᠬᠦᠴᠦᠷᠬᠡᠭᠵᠢᠭᠦᠯᠬᠦ᠂ ᠠᠮᠢ ᠠᠬᠤᠢ ᠪᠠᠷ ᠠᠷᠠᠳ ᠢ | ᠪᠠᠶᠠᠵᠢᠭᠤᠯᠬᠤ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠲᠡᠮᠦᠷ ᠢ ᠠᠳᠬᠤᠬᠤ ᠳᠤ ᠤᠷᠤᠮ ᠲᠠᠢ ᠬᠠᠳᠠᠨ | ᠵᠣᠷᠢᠭ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ᠂ ᠵᠣᠷᠢᠭᠲᠠᠢ ᠪᠠᠷ ᠲᠦᠷᠦᠭᠦᠯᠡᠬᠦ ᠡᠷᠴᠢ ᠵᠣᠷᠢᠭ᠂ | ᠴᠤᠭ ᠪᠠᠳᠠᠷᠠᠩᠭᠤᠢ ᠥᠭᠡᠳᠡᠯᠡᠨ ᠳᠠᠪᠰᠢᠬᠤ ᠡᠷᠴᠢ ᠵᠣᠷᠢᠭ ᠢᠶᠠᠷ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ | ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ | ᠵᠠᠮ ᠢᠶᠠᠷ ᠭᠤᠶᠢᠪᠢᠰᠢ ᠦᠭᠡᠢ ᠵᠠᠮᠨᠠᠵᠤ᠂ ᠪᠣᠳᠠᠲᠤ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠴᠢᠩ ᠱᠦᠢ ᠾᠧ ᠰᠢᠶᠠᠨ ᠤ ᠰᠢᠨ᠎ᠡ ᠬᠠᠭᠤᠳᠠᠰᠤ ᠶᠢ ᠪᠢᠴᠢᠭᠯᠡᠵᠦ᠂ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠣᠢ᠃ | 6 ᠳ᠋ᠤᠭᠠᠷ ᠰᠠᠷ᠎ᠠ ᠶᠢᠨ 29 ᠤ ᠡᠳᠦᠷ ᠲᠤ | ᠬᠥᠬᠡᠬᠤᠲᠠ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠩ ᠱᠦᠢ ᠾᠧ ᠰᠢᠶᠠᠨ ᠤ ᠲᠤᠬᠠᠢ ᠶᠢᠨ ᠲᠠᠯᠠᠪᠠᠢ ᠶᠢᠨ | ᠬᠤᠷᠠᠯ ᠬᠤᠷᠠᠯᠳᠤᠬᠤ ᠪᠠᠷ ᠪᠠᠶᠢᠨ᠎ᠠ | ᠠᠩᠬᠠᠷᠤᠯ ᠳᠠᠭᠠᠨ ᠠᠪᠤᠭᠠᠷᠠᠢ︕ |